| 12 ᠰᠠᠷ᠎ᠠ ᠶᠢᠨ 14 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ 69 ᠳ᠋ᠦ᠋ᠭᠡᠷ ᠤᠳᠠᠭ᠎ᠠ ᠶᠢᠨ ᠪᠠᠶᠢᠩᠭᠤ ᠶᠢᠨ | ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠭᠤᠣᠯ ᠰᠡᠳᠦᠪᠲᠦ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠢᠵᠦ᠂ 12 | ᠰᠠᠷ᠎ᠠ ᠶᠢᠨ 6 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ | ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠵᠢᠰᠤᠷᠣᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤᠨ ᠳᠠᠷᠤᠭ᠎ᠠ ᠪᠦᠦ ᠸᠧᠨ ᠯᠠᠨ ᠵᠡᠷᠭᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ | ᠬᠤᠷᠠᠯ ᠳᠤ ᠣᠷᠣᠯᠴᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠪᠠ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠳᠡᠳ᠋ | ᠡᠷᠬᠢᠯᠡᠭᠴᠢ᠂ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠡᠯ᠎ᠡ | ᠳᠡᠳ᠋ ᠲᠡᠷᠢᠭᠦᠯᠡᠭᠴᠢ᠂ ᠰᠢᠭᠦᠬᠦ ᠪᠠᠶᠢᠴᠠᠭᠠᠬᠤ ᠬᠤᠷᠢᠶ᠎ᠠ ᠶᠢᠨ ᠬᠤᠶᠠᠷ ᠳᠠᠷᠤᠭ᠎ᠠ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠱᠤᠤ ᠶᠠᠨ ᠵᠢᠶᠦ᠋ᠨ ᠵᠢᠭᠠᠪᠣᠷᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠭᠦᠨᠵᠡᠭᠡᠢ | ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠭᠠᠷᠳᠠᠴᠠ ᠪᠠᠨ ᠣᠨᠣᠪᠴᠢᠲᠠᠢ ᠡᠷᠢᠵᠦ᠂ | ᠢᠷᠡᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠵᠢᠷᠤᠭ ᠡᠯᠭᠦᠨ ᠪᠠᠶᠢᠯᠳᠤᠵᠤ᠂ ᠴᠠᠭ ᠲᠤᠬᠠᠢ ᠳᠤᠨᠢ | ᠠᠬᠢᠭᠤᠯᠵᠤ᠂ ᠢᠷᠡᠬᠦ ᠵᠢᠯ ᠤᠨ ᠠᠵᠤ ᠠᠬᠤᠢ ᠶᠢᠨ ᠬᠥᠭᠵᠢᠯᠲᠡ ᠳᠤ ︽ᠰᠠᠶᠢᠨ ᠡᠬᠢᠯᠡᠯᠲᠡ︾ ᠲᠠᠢ ᠪᠠᠶᠢᠬᠤ ᠶᠢ | ᠪᠡᠶᠡᠯᠡᠭᠦᠯᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠭᠤᠣᠯ ᠰᠡᠳᠦᠪᠲᠦ ᠬᠥᠮᠦᠵᠢᠯ ᠤᠨ ᠤᠨᠤᠯ ᠤᠨ ᠰᠤᠷᠤᠯᠴᠠᠯᠭ᠎ᠠ᠂ | ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ | ᠳᠦᠷᠢᠮ ᠲᠣᠭᠲᠠᠭᠠᠯ ᠲᠣᠭᠲᠠᠭᠠᠬᠤ ᠲᠤᠬᠠᠢ ᠲᠠᠨᠢᠯᠲᠠ ᠪᠠᠨ ᠦᠷᠭᠦᠯᠵᠢᠯᠡᠨ ᠴᠢᠩᠭᠠᠳᠬᠠᠵᠤ᠂ ᠭᠤᠣᠯ ᠰᠡᠳᠦᠪᠲᠦ | ᠬᠥᠮᠦᠵᠢᠯ ᠤᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠭᠦᠨᠵᠡᠭᠡᠢ ᠨᠠᠷᠢᠯᠢᠭ | ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠣᠳᠣᠬᠠᠨ ᠤ ᠡᠯ᠎ᠡ ᠵᠦᠢᠯ ᠤᠨ ᠠᠵᠢᠯ ᠲᠠᠢ ᠦᠨᠡᠨᠬᠦ | ᠨᠢᠭᠲᠠ ᠤᠶᠠᠯᠳᠤᠭᠤᠯᠬᠤ ᠬᠡᠷᠡᠭᠲᠡᠢ︔ ᠭᠤᠣᠯ ᠰᠡᠳᠦᠪᠲᠦ ᠬᠥᠮᠦᠵᠢᠯ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ | ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ᠂ ᠲᠣᠭᠲᠠᠭᠤᠨ᠂ ᠡᠮᠬᠢ | ᠵᠢᠷᠤᠮ ᠲᠠᠢ ᠪᠠᠷ ᠰᠠᠶᠢᠲᠤᠷ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠤᠨ ᠳᠤᠮᠳᠠ ᠠᠮᠢᠳᠤᠯᠢᠭ ᠪᠣᠯᠭᠠᠭᠰᠠᠨ ︽ | ᠬᠠᠭᠠᠰ ᠬᠤᠭᠤᠰ︾ ᠢᠨᠵᠧᠨᠧᠷᠢᠩ᠂ ᠰᠢᠢᠳᠪᠦᠷᠢᠯᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ | ᠬᠦᠴᠢᠷᠳᠡᠯ︾ ᠤᠨ ᠠᠰᠠᠭᠤᠳᠠᠯ᠂ ᠤᠯᠠᠨ ᠲᠦᠮᠡᠨ ᠳᠤ ᠵᠠᠮ ᠬᠥᠭᠦᠷᠭᠡ ᠵᠠᠰᠠᠵᠤ ᠥᠭᠬᠦ ᠵᠢᠴᠢ ᠰᠤᠷᠭᠠᠨ ᠬᠥᠮᠦᠵᠢᠯ᠂ | ᠡᠮ ᠡᠮᠨᠡᠯᠭᠡ᠂ ᠨᠠᠶᠢᠳᠠᠨ ᠬᠥᠮᠥᠵᠢᠭᠦᠯᠬᠦ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ | ᠬᠦᠷᠢᠶᠡᠨ ᠳᠤ ᠬᠤᠯᠪᠣᠭᠳᠠᠭᠰᠠᠨ ᠪᠣᠳᠠᠲᠤ ᠶᠠᠪᠤᠳᠠᠯ ᠢ ᠶᠡᠭᠡ ᠪᠠᠷ ᠤᠬᠠᠭᠤᠯᠵᠤ᠂ ᠤᠯᠠᠨ ᠲᠦᠮᠡᠨ ᠳᠤ ᠦᠨᠡᠨ | ᠪᠣᠳᠠᠲᠠᠢ ᠬᠤᠪᠢᠷᠠᠯᠲᠠ ᠶᠢ ᠮᠡᠳᠡᠷᠡᠭᠦᠯᠵᠦ᠂ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠠᠳᠬᠤᠵᠤ᠂ ᠰᠠᠶᠢᠨ | ᠦᠷ᠎ᠡ ᠪᠦᠲᠦᠮᠵᠢ ᠣᠯᠬᠤ ᠶᠢ ᠦᠨᠡᠨ ᠬᠦ ᠪᠠᠲᠣᠯᠠᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠠᠯᠪᠠᠨ ᠤ ᠡᠮᠨᠡᠯᠭᠡ ᠶᠢᠨ ᠬᠤᠷᠢᠶᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢᠨ ᠶᠠᠰᠤ ᠴᠢᠨᠠᠷ ᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠤᠳᠤᠷᠢᠳᠬᠤ | ᠪᠠᠭ ᠢ ᠰᠢᠯᠢᠳᠡᠭ ᠢ ᠰᠣᠩᠭᠤᠨ ᠲᠣᠬᠢᠷᠠᠭᠤᠯᠵᠤ᠂ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ︔ ᠠᠯᠪᠠᠨ ᠤ | ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢ ᠶᠢᠨ ᠮᠣᠷᠠᠯ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠢ ᠬᠥᠮᠥᠵᠢᠭᠦᠯᠬᠦ᠂ ᠬᠠᠮᠢᠶᠠᠷᠬᠤ ᠪᠠ ᠬᠢᠨᠠᠯᠲᠠ ᠲᠠᠯᠪᠢᠬᠤ | ᠠᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠴᠢᠩᠭ᠎ᠠ ᠪᠣᠳᠠᠲᠠᠢ ᠰᠠᠶᠢᠲᠤᠷ ᠠᠳᠬᠤᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ | ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ | ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ | ᠴᠠᠷ᠎ᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠠᠵᠢᠯ ᠤᠨ | ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ | ᠂ ᠠᠰᠠᠭᠤᠳᠠᠯ ᠢ ᠰᠢᠢᠳᠪᠦᠷᠢᠯᠡᠬᠦ ︽ᠴᠠᠭ ᠤᠨ ᠬᠦᠰᠦᠨᠦᠭᠲᠦ︾ ᠪᠠ ︽ᠵᠠᠮ ᠱᠤᠭᠤᠮ ᠤᠨ ᠵᠢᠷᠤᠭ︾ ᠢ ᠣᠯᠠᠮ | ᠨᠢᠭᠡ ᠠᠯᠬᠤᠮ ᠲᠣᠳᠣᠷᠬᠠᠶᠢᠯᠠᠵᠤ᠂ ᠬᠠᠷᠠᠯᠲᠠ ᠪᠠᠨ ᠪᠠᠲᠤ ᠡᠵᠡᠮᠳᠡᠵᠦ᠂ ᠠᠵᠢᠯ ᠤᠨ ᠬᠤᠭᠤᠴᠠᠭ᠎ᠠ ᠪᠠᠨ | ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠲᠦᠰᠦᠯ ᠢᠶᠠᠷ ᠠᠵᠢᠯᠯᠠᠵᠤ᠂ ᠡᠯ᠎ᠡ ᠵᠦᠢᠯ ᠤᠨ ᠴᠡᠭᠴᠡᠯᠡᠨ ᠵᠠᠰᠠᠬᠤ | ᠡᠭᠦᠷᠭᠡ ᠪᠠᠨ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ ᠪᠠᠰᠠ ᠲᠥᠪ ᠤᠨ ᠭᠤᠣᠯ ᠰᠡᠳᠦᠪᠲᠦ ᠬᠥᠮᠦᠵᠢᠯ ᠤᠨ ᠲᠣᠭᠤᠷᠢᠨ ᠵᠢᠯᠤᠭᠤᠳᠬᠤ | ᠳᠤᠭᠤᠶᠢᠯᠠᠩ ᠤᠨ ᠰᠠᠭᠤᠳᠠᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠰᠦᠨ ᠱᠤᠤ ᠴᠸᠡᠩ ᠤᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ | ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠢ | ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠣᠯᠴᠠᠪᠠ︔ ︽︿ᠨᠠᠮ ᠤᠨ ᠠᠴᠢ ᠶᠢ ᠮᠡᠳᠡᠷᠡᠬᠦ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢᠨ ᠲᠥᠰᠥᠯ︾᠂ ︽ᠠᠰᠠᠭᠤᠳᠠᠯ ᠤᠨ ᠨᠠᠷᠢᠨ ᠲᠠᠩᠰᠠ︾ ᠶᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ | ᠬᠠᠰᠤᠭᠰᠠᠨ ᠪᠠᠶᠢᠳᠠᠯ ᠵᠢᠴᠢ ︽ᠪᠠᠶᠢᠴᠠᠭᠠᠨ ᠰᠤᠳᠤᠯᠤᠯᠲᠠ ᠶᠢᠨ ᠠᠰᠠᠭᠤᠳᠠᠯ ᠤᠨ ᠨᠠᠷᠢᠨ ᠲᠠᠩᠰᠠ︾ ︽ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠨᠠᠷᠢᠨ ᠲᠠᠩᠰᠠ︾ ᠪᠠ ︽︿ᠵᠠᠷᠤᠳ | ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ﹀ ᠶᠢ | ᠬᠡᠷᠡᠭᠵᠢᠭᠦᠯᠬᠦ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ︾ ᠶᠢ ᠬᠢᠨᠠᠨ ᠵᠥᠪᠯᠡᠪᠡ︔ ᠪᠥᠬᠦ | ᠬᠤᠰᠢᠭᠤᠨ ᠤ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯ ᠤᠨ ᠬᠠᠷᠢᠭᠤ ᠮᠡᠳᠡᠭᠦᠯᠦᠯᠲᠡ᠂ ᠭᠤᠣᠯ | ᠰᠡᠳᠦᠪᠲᠦ ᠰᠤᠷᠭᠠᠨ ᠬᠥᠮᠦᠵᠢᠯ ᠢ ᠠᠬᠢᠭᠤᠯᠬᠤ ᠲᠤᠰᠬᠠᠢ ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ᠂ | ᠪᠥᠬᠦ ᠬᠤᠰᠢᠭᠤᠨ ᠤ ᠠᠯᠪᠠᠨ ᠤ ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠵᠢᠯ ᠤᠨ ᠬᠠᠷᠢᠭᠤ | ᠮᠡᠳᠡᠭᠦᠯᠦᠯᠲᠡ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷ᠎ᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠬᠠᠮᠢᠶ᠎ᠠ | ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | | | | | |