| 12 ᠰᠠᠷ᠎ᠠ ᠶᠢᠨ 15 ᠤ ᠡᠳᠦᠷ᠂ ᠵᠠᠷᠤᠳ ᠬᠤᠰᠢᠭᠤ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ | ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ | ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ ᠡᠷᠭᠢᠯᠡᠵᠦ᠂ ᠪᠦᠦ ᠸᠧᠨ ᠯᠠᠨ᠂ ᠮᠦ ᠲᠢᠶᠧ ᠮᠢᠨ᠂ ᠶᠣᠣ ᠼᠠᠢ | ᠶᠠᠨ᠂ ᠳ᠋ᠢᠩ ᡁᠢ ᠭᠠᠩ᠂ ᠼᠦᠢ ᠯᠧᠢ ᠯᠧᠢ ᠵᠡᠷᠭᠡ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠪᠥᠬᠦ ᠬᠤᠰᠢᠭᠤᠨ ᠤ 2024 ᠣᠨ ᠵᠢᠴᠢ ᠢᠷᠡᠭᠡᠳᠦᠢ ᠶᠢᠨ 3 ᠵᠢᠯ ᠤᠨ ᠴᠠᠬᠢᠯᠭᠠᠨ | ᠬᠡᠷᠡᠭᠯᠡᠬᠦ ᠬᠡᠷᠡᠭᠴᠡᠭᠡ ᠵᠢᠴᠢ ᠲᠥᠯᠦᠪᠵᠢᠭᠦᠯᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ | ᠤᠯᠤᠰ ᠤᠨ ᠴᠠᠬᠢᠯᠭᠠᠨ ᠲᠣᠣᠷ ᠤᠨ ᠵᠠᠷᠤᠳ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ | ᠬᠠᠷᠢᠭᠤᠴᠠᠯᠭᠠᠲᠠᠨ ᠠᠴᠠ ᠠᠵᠢᠯ ᠥᠷᠨᠢᠭᠦᠯᠦᠭᠰᠡᠨ ᠪᠠᠶᠢᠳᠠᠯ ᠵᠢᠴᠢ ᠬᠠᠮᠢᠶ᠎ᠠ ᠪᠦᠬᠦᠢ ᠪᠠᠶᠢᠭᠤᠯᠤᠯᠭ᠎ᠠ ᠶᠢᠨ | ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠬᠠᠷᠢᠭᠤ ᠮᠡᠳᠡᠭᠦᠯᠪᠡ᠃ | ᠱᠤᠤ ᠶᠠᠨ ᠵᠢᠶᠦ᠋ᠨ ᠵᠢᠭᠠᠪᠣᠷᠢᠯᠠᠭᠰᠠᠨ ᠨᠢ᠂ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠨᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠤᠯᠠᠨ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠲᠠᠢ ᠬᠤᠯᠪᠣᠭᠳᠠᠵᠤ᠂ ᠠᠵᠤ ᠦᠢᠯᠡᠳᠪᠦᠷᠢ ᠶᠢᠨ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠢ | ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠪᠣᠳᠠᠲᠤ ᠬᠡᠷᠡᠭᠴᠡᠭᠡ ᠪᠣᠯᠬᠤ | ᠪᠥᠭᠡᠳ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ | ᠪᠦᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ | ᠪᠠᠲᠤᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠴᠠᠬᠢᠯᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠦᠨᠡᠨᠬᠦ ᠲᠦᠷᠭᠡᠳᠬᠡᠵᠦ᠂ ᠪᠥᠬᠦ ᠬᠤᠰᠢᠭᠤᠨ ᠤ ᠴᠠᠬᠢᠯᠭᠠᠨ ᠬᠦᠴᠦᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠪᠠᠶᠢᠷᠢᠰᠢᠯ ᠨᠢ ᠵᠦᠢ ᠵᠣᠬᠢᠰᠲᠠᠢ᠂ ᠠᠮᠤᠷ ᠲᠦᠪᠰᠢᠨ | ᠨᠠᠶᠢᠳᠠᠪᠤᠷᠢᠲᠠᠢ ᠣᠳᠣᠬᠢᠴᠢᠯᠠᠭᠰᠠᠨ ᠴᠠᠬᠢᠯᠭᠠᠨ ᠤ ᠲᠣᠣᠷ ᠤᠨ ᠰᠢᠰᠲ᠋ᠧᠮᠵᠢ ᠶᠢ ᠪᠠᠶᠢᠭᠤᠯᠵᠤ᠂ ᠣᠯᠠᠨ ᠲᠦᠮᠡᠨ ᠤ ︽ | ᠰᠠᠶᠢᠨ ᠰᠠᠶᠢᠬᠠᠨ ᠴᠠᠬᠢᠯᠭᠠᠨ ᠬᠡᠷᠡᠭᠯᠡᠬᠦ︾ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠠᠵᠤ ᠦᠢᠯᠡᠳᠪᠦᠷᠢ | ᠪᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ᠂ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠰᠠᠶᠢᠲᠤᠷ ᠪᠠᠲᠣᠯᠠᠬᠤ | ᠬᠡᠷᠡᠭᠲᠡᠢ ᠭᠡᠪᠡ᠃ | ᠱᠣᠣ ᠶᠠᠨ ᠵᠢᠶᠦ᠋ᠨ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠢᠨ ᠦᠵᠡᠯ ᠰᠠᠨᠠᠭ᠎ᠠ ᠪᠠᠨ | ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠷᠠᠭᠤᠯᠤᠨ᠂ ᠳᠡᠮᠵᠢᠬᠦ | ᠡᠷᠴᠢᠮ ᠢᠶᠠᠨ ᠨᠡᠮᠡᠭᠳᠡᠭᠦᠯᠵᠦ᠂ ᠲᠥᠷᠥᠯ ᠵᠦᠢᠯ ᠤᠨ ᠭᠠᠵᠠᠷ ᠰᠣᠩᠭᠤᠬᠤ ᠱᠤᠭᠤᠮ ᠰᠣᠩᠭᠤᠬᠤ᠂ ᠬᠢᠨᠠᠨ | ᠵᠥᠪᠰᠢᠶᠡᠷᠡᠬᠦ ᠭᠠᠷᠳᠠᠮ ᠭᠦᠢᠴᠡᠳᠬᠡᠬᠦ ᠵᠡᠷᠭᠡ ᠡᠯ᠎ᠡ ᠭᠤᠭᠴᠤᠭ᠎ᠠ ᠶᠢᠨ ᠠᠵᠢᠯ ᠢ ᠲᠦᠷᠭᠡᠳᠬᠡᠨ ᠠᠬᠢᠭᠤᠯᠵᠤ᠂ | ᠴᠠᠬᠢᠯᠭᠠᠨ ᠤ ᠲᠣᠣᠷ ᠤᠨ ᠲᠥᠯᠦᠪᠵᠢᠭᠦᠯᠭᠡ ᠬᠢᠭᠡᠳ ᠲᠣᠭᠤᠷᠢᠭ ᠤᠨ ᠬᠥᠭᠵᠢᠯᠲᠡ᠂ ᠭᠠᠵᠠᠷ ᠲᠠᠲᠠᠪᠤᠷᠢᠯᠠᠬᠤ᠂ ᠵᠠᠮ | ᠬᠠᠷᠢᠯᠴᠠᠭᠠᠨ ᠤ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠪᠠᠶᠢᠷᠢᠯᠠᠭᠤᠯᠤᠯᠲᠠ ᠵᠡᠷᠭᠡ ᠲᠥᠯᠦᠪᠵᠢᠭᠦᠯᠭᠡ ᠶᠢ | ᠵᠣᠯᠭᠠᠭᠤᠯᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠭᠠᠳᠠᠭᠠᠳᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ᠴᠠᠬᠢᠯᠭᠠᠨ ᠬᠠᠩᠭᠠᠬᠤ ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠪᠠᠨ ᠴᠢᠩᠭᠠᠳᠬᠠᠨ᠂ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ | ᠪᠠ ᠳᠠᠯᠲᠠ ᠬᠡᠮ ᠢ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠴᠠᠬᠢᠯᠭᠠᠨ ᠲᠣᠣᠷ ᠤᠨ ᠠᠮᠤᠷ | ᠲᠦᠪᠰᠢᠨ᠂ ᠲᠣᠭᠲᠠᠭᠤᠨ ᠠᠵᠢᠯᠯᠠᠭᠠᠨ ᠢ ᠦᠨᠡᠨᠬᠦ ᠪᠠᠲᠤᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠨᠠᠶᠢᠳᠠᠪᠤᠷᠢᠲᠠᠢ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠬᠤ | ᠬᠡᠷᠡᠭᠲᠡᠢ ᠭᠡᠪᠡ᠃ | | | |