ᠵᠠᠷᠤᠳ ᠬᠤᠰᠢᠭᠤᠨ ᠤ ᠪᠠᠢ ᠱᠦᠨ ᠲᠡᠵᠢᠭᠡᠪᠦᠷᠢ ᠶᠢᠨ ᠲᠤᠰᠬᠠᠢ ᠬᠤᠷᠰᠢᠶ᠎ᠠ᠂ ᠵᠠᠷᠤᠳ ᠬᠤᠰᠢᠭᠤᠨ ᠤ ᠰᠢᠨ ᠯᠢ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠤᠯᠤᠰ ᠤᠨ ᠲᠠᠰ ᠤᠨ 2023 ᠣᠨ ᠤ ᠮᠠᠯ ᠵᠢᠭᠦᠷᠲᠡᠨ ᠲᠡᠵᠢᠭᠡᠬᠦ ᠪᠠᠷᠢᠮᠵᠢᠶᠠᠵᠢᠭᠤᠯᠣᠭᠰᠠᠨ ᠶᠢᠨ ᠵᠢᠱᠢᠶ᠎ᠡ ᠦᠵᠡᠭᠦᠯᠬᠦ ᠲᠠᠯᠠᠪᠠᠶ ᠶᠢᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2023/12/19
    ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ 2023 ᠣᠨ ᠤ ᠮᠠᠯ ᠵᠢᠭᠦᠷᠲᠡᠨ ᠲᠡᠵᠢᠭᠡᠬᠦ ᠪᠠᠷᠢᠮᠵᠢᠶᠠᠵᠢᠭᠤᠯᠣᠭᠰᠠᠨ ᠵᠢᠱᠢᠶ᠎ᠡ ᠦᠵᠡᠭᠦᠯᠬᠦ ᠲᠠᠯᠠᠪᠠᠶ ᠶᠢᠨ ᠨᠡᠷᠡᠰ ᠢ ᠨᠡᠶᠢᠲᠡᠯᠡᠪᠡ᠂ ᠥᠪᠥᠷ ᠮᠣᠩᠭᠤᠯ ᠤᠨ 9 ᠲᠡᠵᠢᠭᠡᠪᠦᠷᠢ ᠶᠢᠨ ᠲᠠᠯᠠᠪᠠᠶ ᠨᠡᠷᠡᠰ ᠤᠨ ᠵᠢᠭᠰᠠᠭᠠᠯᠲᠠ ᠳᠤ ᠣᠷᠣᠵᠠᠢ᠂ ᠡᠭᠦᠨ ᠳᠤ ᠵᠠᠷᠤᠳ ᠬᠤᠰᠢᠭᠤᠨ ᠤ ᠪᠠᠢ ᠱᠦᠨ ᠲᠡᠵᠢᠭᠡᠪᠦᠷᠢ ᠶᠢᠨ ᠲᠤᠰᠬᠠᠢ ᠬᠤᠷᠰᠢᠶ᠎ᠠ ᠪᠠ ᠰᠢᠨ ᠯᠢ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠨᠡᠷᠡᠰ ᠤᠨ ᠵᠢᠭᠰᠠᠭᠠᠯᠲᠠ ᠳᠤ ᠣᠷᠣᠭᠰᠠᠨ ᠪᠠᠶᠢᠨ᠎ᠠ᠃
ba2b0ff51ecf330b3ca1c2fb43dff37.jpg
    ᠵᠠᠷᠤᠳ ᠬᠤᠰᠢᠭᠤᠨ ᠤ ᠪᠠᠢ ᠱᠦᠨ ᠲᠡᠵᠢᠭᠡᠪᠦᠷᠢ ᠶᠢᠨ ᠲᠤᠰᠬᠠᠢ ᠬᠤᠷᠰᠢᠶ᠎ᠠ 2013 ᠣᠨ ᠳᠤ ᠪᠠᠶᠢᠭᠤᠯᠤᠭᠳᠠᠵᠠᠢ᠂ ᠠᠯᠠᠰᠢᠨ ᠦᠬᠡᠷ ᠲᠡᠵᠢᠭᠡᠬᠦ ᠶᠢ ᠬᠥᠭᠵᠢᠭᠦᠯᠦᠭᠰᠡᠨ ᠠᠴᠠ ᠨᠠᠰᠢ᠂ ᠮᠠᠯ ᠰᠦᠷᠦᠭ ᠤᠨ ᠡᠭᠦᠯᠳᠡᠷ ᠰᠠᠶᠢᠵᠢᠷᠠᠭᠤᠯᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠮᠠᠯ ᠰᠦᠷᠦᠭ ᠤᠨ ᠰᠢᠨᠡᠳᠬᠡᠨ ᠰᠣᠯᠢᠬᠤ ᠠᠯᠬᠤᠴᠠ ᠶᠢ ᠲᠦᠷᠭᠡᠳᠬᠡᠵᠦ᠂ ᠴᠥᠬᠦᠷᠡᠰᠢ ᠦᠭᠡᠢ ᠡᠭᠦᠯᠳᠡᠷ ᠰᠠᠶᠢᠵᠢᠷᠠᠭᠤᠯᠤᠨ ᠦᠷᠡᠵᠢᠭᠦᠯᠬᠦ ᠪᠠᠷ ᠳᠡᠮᠵᠢᠨ᠂ ᠮᠠᠯ ᠰᠦᠷᠦᠭ ᠤᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠲᠤᠰ ᠬᠤᠷᠰᠢᠶ᠎ᠠ ᠨᠢ ᠬᠡᠷᠡᠭ ᠡᠷᠬᠢᠯᠡᠭᠴᠢᠳ ᠤᠨ ᠳᠠᠷᠤᠭ᠎ᠠ ᠶᠠᠩ ᠱᠤᠤ ᠦ᠋ ᠶᠢᠨ ᠳᠠᠭᠠᠭᠤᠯᠭ᠎ᠠ ᠪᠠᠷ ︽ᠨᠠᠮ ᠤᠨ ᠡᠭᠦᠷ + ᠬᠤᠷᠰᠢᠶ᠎ᠠ︾ ᠶᠢᠨ ᠡᠵᠡᠩᠨᠡᠯᠲᠡ ᠶᠢᠨ ᠵᠠᠭᠪᠤᠷ ᠢ ᠬᠡᠷᠡᠭᠯᠡᠵᠦ᠂ ᠰᠢᠨᠵᠢᠯᠡᠬᠦ ᠤᠬᠠᠭᠠᠨᠴᠢ ᠪᠠᠷ ᠡᠵᠡᠩᠨᠡᠬᠦ᠂ ᠵᠢᠷᠤᠮᠵᠢᠯ ᠲᠠᠢ ᠬᠠᠮᠢᠶᠠᠷᠬᠤ ᠪᠠᠷ ᠳᠠᠮᠵᠢᠨ ᠭᠡᠰᠢᠭᠦᠳ ᠤᠨ  ᠲᠡᠵᠢᠭᠡᠪᠦᠷᠢ ᠦᠢᠯᠡᠰ ᠢᠶᠠᠷ ᠪᠠᠶᠠᠵᠢᠭᠤᠯᠬᠤ ᠶᠢ ᠳᠠᠶᠢᠴᠢᠯᠡᠪᠡ᠃ ᠣᠲᠣ ᠪᠣᠯᠲᠠᠯ᠎ᠠ᠂ ᠬᠤᠷᠰᠢᠶᠠᠨ ᠳᠤ 71 ᠭᠡᠰᠢᠭᠦᠨ ᠲᠠᠢ᠂ 1230 ᠲᠣᠯᠣᠭᠠᠢ ᠦᠬᠡᠷ ᠲᠠᠢ᠂ ᠳᠡᠩᠰᠡᠯᠡᠨ ᠺᠠᠷᠲᠯᠠᠭᠰᠠᠨ 82 ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠪᠠ᠃ ᠬᠤᠷᠰᠢᠶ᠎ᠠ ᠪᠠᠶᠢᠭᠤᠯᠤᠭᠳᠠᠭᠰᠠᠨ ᠠᠴᠠ ᠨᠠᠰᠢ᠂ ᠤᠷᠢᠳ ᠬᠤᠵᠢᠳ ᠤᠯᠠᠨ ᠰᠢᠯᠢᠳᠡᠭ ᠰᠢᠮᠧᠨ᠋ᠲ᠋ᠠᠷ ᠡᠭᠦᠯᠳᠡᠷ ᠤᠨ ᠦᠬᠡᠷ ᠬᠤᠳᠠᠯᠳᠤᠨ ᠠᠪᠤᠭᠰᠠᠨ ᠪᠥᠭᠡᠳ ᠰᠢᠯᠢᠳᠡᠭ ᠲᠡᠵᠢᠭᠡᠯ ᠡᠪᠡᠰᠦ᠂ ᠨᠠᠷᠢᠯᠢᠭ ᠪᠣᠷᠳᠤᠭ᠎ᠠ ᠬᠤᠳᠠᠯᠳᠤᠨ ᠠᠪᠴᠤ ᠲᠤᠭᠤᠯ ᠲᠡᠵᠢᠭᠡᠵᠦ᠂ ᠮᠠᠯ ᠰᠦᠷᠦᠭ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ 2020 ᠣᠨ ᠤ 7 ᠰᠠᠷ᠎ᠠ ᠳᠤ ᠬᠤᠷᠰᠢᠶ᠎ᠠ ᠬᠢᠨ ᠲᠦᠷᠦᠭᠦᠯᠡᠨ ᠵᠢᠷᠦᠬᠡ ᠪᠠᠯᠭᠠᠰᠤ ᠶᠢᠨ ᠦᠬᠡᠷ ᠤᠨ ᠠᠵᠤ ᠦᠢᠯᠡᠰ ᠤᠨ ᠨᠡᠶᠢᠭᠡᠮᠯᠢᠭ ᠢ ᠪᠠᠶᠢᠭᠤᠯᠵᠤ᠂ ᠲᠠᠷᠠᠬᠠᠢ ᠪᠤᠲᠠᠷᠬᠠᠢ ᠲᠡᠵᠢᠭᠡᠪᠦᠷᠢ ᠶᠢᠨ ᠡᠷᠦᠬᠡ ᠶᠢ ᠬᠤᠯᠪᠣᠭᠠᠯᠠᠭᠤᠯᠵᠤ᠂ ᠲᠤᠷᠰᠢᠯᠭ᠎ᠠ ᠪᠠᠨ ᠬᠤᠪᠢᠶᠠᠯᠴᠠᠬᠤ᠂ ᠵᠠᠬᠢᠶᠠᠯᠠᠭ᠎ᠠ ᠪᠠᠨ ᠬᠤᠪᠢᠶᠠᠯᠴᠠᠬᠤ ᠶᠢ ᠬᠡᠷᠡᠭᠵᠢᠭᠦᠯᠵᠦ᠂ ︽ᠭᠠᠭᠴᠠᠭᠠᠷ ᠲᠡᠮᠡᠴᠡᠬᠦ︾ ᠪᠠᠶᠢᠭᠰᠠᠨ ᠠᠴᠠ ︽ᠬᠠᠮᠲᠤ ᠪᠠᠷ ᠪᠠᠶᠢᠯᠴᠠᠨ ᠬᠠᠷᠢᠯᠴᠠᠨ ᠳᠣᠯᠠᠭᠠᠴᠠᠬᠤ︾ ᠪᠣᠯᠭᠠᠪᠠ᠃     ᠵᠠᠷᠤᠳ ᠬᠤᠰᠢᠭᠤᠨ ᠤ ᠰᠢᠨ ᠯᠢ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ 2015 ᠣᠨ ᠳᠤ ᠪᠠᠶᠢᠭᠤᠯᠤᠭᠳᠠᠵᠤ᠂ 2016 ᠣᠨ ᠳᠤ ︽ᠮᠦᠩᠬᠡ ᠰᠠᠶᠢᠨ ᠬᠤᠨᠢᠨ ᠮᠢᠬ᠎ᠠ︾ ᠲᠠᠸᠠᠷ ᠤᠨ ᠲᠡᠮᠳᠡᠭ ᠢ ᠳᠠᠩᠰᠠᠯᠠᠭᠤᠯᠵᠤ᠂ 2018 ᠣᠨ ᠳᠤ ᠪᠥᠬᠦ ᠬᠤᠲᠠ ᠶᠢᠨ ︽ᠭᠤᠷᠪᠠᠨ ᠡᠷᠬᠡ ᠶᠢ ᠰᠠᠯᠭᠠᠬᠤ︾ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠲᠣᠬᠢᠶᠠᠯ ᠢ ᠠᠰᠢᠭᠯᠠᠨ ᠲᠠᠪᠤᠨ ᠬᠤᠪᠢᠶᠠᠷᠢ ᠬᠤᠷᠰᠢᠶ᠎ᠠ ᠶᠢ ᠬᠠᠮᠲᠤᠷᠠᠭᠤᠯᠵᠤ ᠪᠠᠶᠢᠭᠠᠳ ᠵᠠᠷᠤᠳ ᠬᠤᠰᠢᠭᠤᠨ ᠤ ᠸᠤᠱᠠ ᠣᠪᠣᠭ ᠠᠶᠢᠮᠠᠭ ᠤᠨ ᠬᠤᠯᠪᠣᠭᠠᠲᠤ ᠬᠤᠷᠰᠢᠶ᠎ᠠ ᠶᠢ ᠪᠠᠶᠢᠭᠤᠯᠤᠭᠰᠠᠨ ᠪᠠᠶᠢᠨ᠎ᠠ᠃ ᠬᠤᠯᠪᠣᠭᠠᠲᠤ ᠬᠤᠷᠰᠢᠶ᠎ᠠ ᠨᠢ ᠨᠢᠭᠡᠳᠦᠯᠲᠡᠢ ᠬᠡᠷᠡᠭ ᠡᠷᠬᠢᠯᠡᠭᠴᠢᠳ ᠤᠨ ᠬᠤᠷᠠᠯ ᠪᠠ ᠬᠢᠨᠠᠭᠴᠢᠳ ᠤᠨ ᠵᠥᠪᠯᠡᠯ ᠢ ᠪᠠᠶᠢᠭᠤᠯᠵᠤ᠂ ᠡᠯ᠎ᠡ ᠬᠤᠪᠢᠶᠠᠷᠢ ᠬᠤᠷᠰᠢᠶ᠎ᠠ ᠶᠢᠨ ᠠᠳᠠᠯᠢ ᠪᠤᠰᠤ ᠰᠢᠨᠵᠢ ᠴᠢᠨᠠᠷ ᠲᠠᠢ᠂ ᠠᠳᠠᠯᠢ ᠪᠤᠰᠤ ᠲᠦᠷᠦᠯ ᠤᠨ ᠬᠤᠪᠢᠶᠠᠷᠢ ᠬᠤᠷᠰᠢᠶ᠎ᠠ ᠶᠢᠨ ᠠᠵᠢᠯ ᠤᠨ ᠬᠤᠪᠢᠶᠠᠷᠢ ᠨᠢ ᠠᠳᠠᠯᠢ ᠦᠭᠡᠢ ᠪᠠᠶᠢᠵᠤ᠂ ᠬᠠᠷᠢᠯᠴᠠᠨ ᠬᠠᠮᠵᠢᠯᠴᠠᠳᠠᠭ᠃ ᠠᠳᠠᠯᠢ ᠪᠤᠰᠤ ᠲᠠᠯ᠎ᠠ ᠠᠴᠠ ᠬᠤᠪᠢ ᠣᠷᠣᠭᠤᠯᠤᠭᠴᠢᠳ ᠲᠤ ᠣᠷᠣᠯᠭ᠎ᠠ ᠡᠭᠦᠳᠦᠨ ᠥᠭᠴᠦ᠂ ︽ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ + ᠬᠤᠯᠪᠣᠭᠠᠲᠤ ᠬᠤᠷᠰᠢᠶ᠎ᠠ + ᠬᠤᠷᠰᠢᠶ᠎ᠠ + ᠮᠠᠯᠴᠢᠨ ᠲᠠᠷᠢᠶᠠᠴᠢᠨ ᠡᠷᠦᠬᠡ + ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠭᠤᠯᠤᠯ + ᠡᠯᠧᠺᠲᠷᠣᠨ ᠬᠤᠳᠠᠯᠳᠤᠭᠠᠨ ᠤ ᠶᠠᠪᠤᠳᠠᠯ︾ ᠤᠨ ᠭᠤᠷᠪᠠᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠡᠵᠡᠩᠨᠡᠯᠲᠡ ᠶᠢᠨ ᠵᠠᠭᠪᠤᠷ ᠢ ᠪᠣᠶ ᠪᠣᠯᠭᠠᠪᠠ᠃ ᠸᠣᠱᠠ ᠣᠪᠣᠭ ᠠᠶᠢᠮᠠᠭ ᠤᠨ ᠬᠤᠯᠪᠣᠭᠠᠲᠤ ᠬᠤᠷᠰᠢᠶᠠᠨ ᠳᠤ ᠣᠳᠣ 12000 ᠭᠠᠷᠤᠢ ᠬᠤᠨᠢ ᠲᠡᠵᠢᠭᠡᠵᠦ᠂ ᠡᠭᠦᠨ ᠳᠤ 5000 ᠭᠠᠷᠤᠢ ᠡᠬᠡ ᠮᠠᠯ ᠲᠠᠢ᠃ ᠣᠶᠢᠷ᠎ᠠ ᠶᠢᠨ ᠵᠢᠯ ᠠᠴᠠ᠂ ᠲᠤᠰ ᠬᠤᠷᠰᠢᠶ᠎ᠠ ᠤᠯᠠᠮᠵᠢᠯᠠᠯᠲᠤ ᠬᠤᠨᠢ ᠲᠡᠵᠢᠭᠡᠬᠦ ᠦᠵᠡᠯᠲᠡ ᠪᠠᠨ ᠬᠤᠪᠢᠷᠠᠭᠤᠯᠵᠤ᠂ ︽ᠭᠤᠷᠪᠠᠨ ᠡᠰᠢᠲᠦ ᠬᠤᠨᠢ︾ ᠶᠢ ᠡᠷᠯᠢᠰᠡᠵᠢᠭᠦᠯᠦᠨ ᠰᠠᠶᠢᠵᠢᠷᠠᠭᠤᠯᠵᠤ᠂ ᠰᠠᠶᠢᠵᠢᠷᠠᠭᠤᠯᠤᠭᠰᠠᠨ ᠤ ᠳᠠᠷᠠᠭ᠎ᠠ ︽ᠭᠤᠷᠪᠠᠨ ᠡᠰᠢᠲᠦ ᠬᠤᠨᠢ︾ ᠶᠢᠨ ᠡᠬᠡ ᠮᠠᠯ ᠤᠨ ᠲᠥᠯᠯᠡᠬᠦ ᠨᠤᠷᠮ᠎ᠠ ᠨᠢ 230% ᠬᠦᠷᠴᠦ᠂ ᠡᠪᠦᠯ ᠬᠠᠪᠤᠷ ᠤᠨ ᠬᠤᠷᠠᠭ᠎ᠠ ᠲᠤᠰᠬᠤ ᠤᠯᠠᠮᠵᠢᠯᠠᠯ ᠢ ᠡᠪᠳᠡᠵᠦ᠂ ᠲᠥᠯᠯᠡᠬᠦ ᠨᠤᠷᠮ᠎ᠠ᠂ ᠦᠷᠡᠵᠢᠯ ᠤᠨ ᠨᠤᠷᠮ᠎ᠠ ᠶᠢ ᠳᠡᠭᠡᠭᠰᠢᠯᠡᠭᠦᠯᠵᠦ᠂ ᠭᠠᠷᠭᠠᠯᠲᠠ ᠡᠷᠭᠢᠯᠲᠡ ᠶᠢ ᠲᠦᠷᠭᠡᠳᠬᠡᠵᠦ᠂ ᠲᠦᠷᠪᠡᠨ ᠤᠯᠠᠷᠢᠯ ᠳᠤ ᠲᠦᠯᠯᠡᠬᠦ ᠶᠢ ᠪᠡᠶᠡᠯᠡᠭᠦᠯᠵᠦ᠂ ᠭᠡᠰᠢᠭᠦᠳ ᠤᠨ ᠣᠷᠣᠯᠭ᠎ᠠ ᠶᠢ ᠨᠡᠮᠡᠭᠳᠡᠭᠦᠯᠪᠡ᠃     ᠮᠠᠯ ᠵᠢᠭᠦᠷᠲᠡᠨ ᠢ ᠪᠠᠷᠢᠮᠵᠢᠶᠠᠵᠢᠭᠤᠯᠤᠨ ᠬᠡᠪᠴᠢᠶᠡᠵᠢᠭᠦᠯᠦᠨ ᠲᠡᠵᠢᠭᠡᠬᠦ ᠶᠢ ᠬᠥᠭᠵᠢᠭᠦᠯᠬᠦ ᠪᠣᠯ ᠣᠲᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠮᠠᠯ ᠤᠨ ᠠᠰᠢᠭ ᠰᠢᠮ᠎ᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠨᠡᠮᠡᠭᠳᠡᠭᠦᠯᠬᠦ ᠶᠢᠨ ᠪᠦᠲᠦᠮᠵᠢᠲᠡᠶ ᠠᠷᠭ᠎ᠠ ᠵᠠᠮ ᠮᠥᠨ᠃ ᠣᠶᠢᠷ᠎ᠠ ᠶᠢᠨ ᠵᠢᠯ ᠠᠴᠠ᠂ ᠵᠠᠷᠤᠳ ᠬᠤᠰᠢᠭᠤᠨ ᠤ ᠬᠢᠨ ᠠᠯᠠᠰᠢᠨ ᠦᠬᠡᠷ ᠠᠯᠠᠰᠢᠨ ᠬᠤᠨᠢᠨ ᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠠᠯᠠᠪᠠᠢ ᠶᠢ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠤᠳᠤ ᠦᠶ᠎ᠡ ᠶᠢᠨ ᠲᠡᠵᠢᠭᠡᠪᠦᠷᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠲᠡᠵᠢᠭᠡᠪᠦᠷᠢ ᠶᠢᠨ ᠭᠤᠣᠯ ᠴᠣᠭᠴᠠ ᠶᠢᠨ ᠲᠥᠬᠦᠭᠡᠷᠦᠮᠵᠢᠵᠢᠭᠦᠯᠦᠨ ᠬᠥᠭᠵᠢᠭᠦᠯᠬᠦ ᠤᠬᠠᠮᠰᠠᠷ ᠪᠣᠯᠣᠨ ᠲᠦᠪᠰᠢᠨ ᠢ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠶᠠᠰᠤ ᠴᠢᠨᠠᠷ᠂ ᠦᠷ᠎ᠡ ᠠᠰᠢᠭ᠂ ᠥᠷᠢᠰᠦᠯᠳᠦᠬᠦ ᠬᠦᠴᠦᠨ ᠪᠣᠯᠣᠨ ᠪᠦᠲᠦᠭᠡᠭᠳᠡᠬᠦᠨ ᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号