12 ᠰᠠᠷ᠎ᠠ ᠶᠢᠨ 19 ᠤ ᠡᠳᠦᠷ᠂ ᠵᠠᠷᠤᠳ ᠬᠤᠰᠢᠭᠤᠨ ᠤ ᠤᠯᠤᠰ ᠤᠨ ᠨᠤᠳᠤᠭ ᠲᠡᠪᠢᠰᠭᠡᠷ ᠣᠷᠣᠨ ᠵᠠᠢ ᠶᠢᠨ | ᠲᠥᠯᠦᠪᠵᠢᠭᠦᠯᠭᠡ ᠶᠢᠨ ᠵᠥᠪᠯᠡᠯ ᠤᠨ 2023 ᠣᠨ ᠤ ᠬᠤᠶᠠᠳᠤᠭᠠᠷ ᠤᠳᠠᠭᠠᠨ ᠤ ᠬᠤᠷᠠᠯ ᠬᠢᠪᠡ᠃ ᠬᠤᠰᠢᠭᠤᠨ ᠤ | ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠠᠨ ᠶᠠᠷᠢᠶ᠎ᠠ ᠲᠠᠯᠪᠢᠵᠤ᠂ | ᠲᠡᠳ᠋ ᠬᠤᠰᠢᠭᠤᠨ ᠳᠠᠷᠤᠭ᠎ᠠ ᠵᠠᠩ ᠯᠢ ᠭᠦᠸᠧ᠂ ᠬᠢᠨᠠᠨ ᠲᠣᠭᠲᠠᠭᠠᠬᠤ ᠳᠤᠭᠤᠶᠢᠯᠠᠩ ᠤᠨ ᠲᠤᠰᠬᠠᠢ ᠮᠡᠷᠭᠡᠵᠢᠯᠲᠡᠨ | ᠵᠢᠴᠢ ᠬᠤᠰᠢᠭᠤᠨ ᠤ ᠤᠯᠤᠰ ᠤᠨ ᠨᠤᠳᠤᠭ ᠲᠡᠪᠢᠰᠭᠡᠷ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ | ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | | | | | ᠬᠤᠷᠠᠯ ᠳᠡᠭᠡᠷ᠎ᠡ᠂ ᠯᠦᠪᠧᠢ ᠪᠠᠯᠭᠠᠰᠤ ᠵᠡᠷᠭᠡ 10 ᠰᠤᠮᠤ ᠪᠠᠯᠭᠠᠰᠤ ᠶᠢᠨ 71 ︽ᠣᠯᠠᠨ | ᠲᠥᠯᠦᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ ᠲᠥᠯᠦᠪᠵᠢᠭᠦᠯᠭᠡ ᠶᠢᠨ | ᠲᠥᠰᠥᠯ ᠢ ᠬᠢᠨᠠᠨ ᠵᠥᠪᠯᠡᠪᠡ︔ ᠬᠠᠮᠢᠶ᠎ᠠ ᠪᠦᠬᠦᠢ ᠵᠢᠷᠤᠭ ᠲᠥᠯᠥᠪᠯᠡᠭᠡ ᠶᠢᠨ ᠠᠵᠢᠯᠲᠠᠨ ᠤ ︽ᠣᠯᠠᠨ | ᠲᠥᠯᠦᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ ᠲᠥᠯᠦᠪᠵᠢᠭᠦᠯᠭᠡ ᠶᠢᠨ ᠦᠷ᠎ᠡ | ᠪᠦᠲᠦᠭᠡᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠬᠤᠷᠠᠯ ᠳᠤ ᠣᠷᠣᠯᠴᠠᠭᠰᠠᠳ ᠡᠯ᠎ᠡ ᠲᠥᠰᠥᠯ ᠤᠨ | ᠲᠣᠭᠤᠷᠢᠨ ᠳᠤ ᠭᠦᠨᠵᠡᠭᠡᠢ ᠶᠠᠷᠢᠯᠴᠠᠭᠰᠠᠨ ᠪᠥᠭᠡᠳ ᠲᠥᠰᠥᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ | ᠲᠡᠭᠦᠯᠳᠡᠷᠵᠢᠭᠦᠯᠬᠦ ᠲᠤᠬᠠᠢ ᠢᠳᠡᠪᠬᠢᠲᠡᠢ ᠰᠠᠨᠠᠯ ᠰᠠᠨᠠᠭᠤᠯᠭ᠎ᠠ ᠲᠤᠷᠠᠳᠪᠠ᠃ | | | | | ᠪᠦᠦ ᠸᠧᠨ ᠯᠠᠨ ᠠᠴᠠ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠰᠠᠭᠤᠷᠢ | ᠲᠥᠬᠦᠭᠡᠷᠦᠮᠵᠢ᠂ ᠤᠯᠠᠨ ᠨᠡᠶᠢᠲᠡ ᠶᠢᠨ ᠢᠵᠢ ᠪᠦᠷᠢᠳᠦᠭᠦᠯᠦᠯᠲᠡ᠂ ᠠᠮᠢ ᠠᠬᠤᠢ ᠣᠷᠴᠢᠨ ᠲᠣᠭᠤᠷᠢᠨ ᠵᠡᠷᠭᠡ | ᠡᠯᠧᠮᠧᠨ᠋ᠲ ᠢ ᠭᠦᠢᠴᠡᠳ ᠪᠣᠳᠣᠯᠬᠢᠯᠠᠵᠤ᠂ ᠴᠢᠨᠠᠷ ᠰᠠᠶᠢᠲᠠᠢ ᠲᠥᠯᠦᠪᠵᠢᠭᠦᠯᠭᠡ ᠪᠠᠷ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠵᠣᠬᠢᠰᠲᠠᠢ ᠪᠠᠷ ᠤᠷᠢᠳᠴᠢᠯᠠᠭᠤᠯᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ | ᠰᠠᠭᠤᠷᠢᠯᠠᠨ᠂ ᠬᠥᠮᠥᠨ ᠢᠶᠠᠷ ᠦᠨᠳᠦᠰᠦ ᠪᠣᠯᠭᠠᠬᠤ ᠪᠠ ᠠᠷᠠᠳ ᠤᠨ ᠰᠠᠨᠠᠭ᠎ᠠ ᠶᠢ ᠬᠦᠨᠳᠦᠳᠬᠡᠬᠦ ᠶᠢ ᠪᠠᠷᠢᠮᠲᠠᠯᠠᠵᠤ᠂ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠪᠠ ᠠᠷᠪᠢᠲᠠᠢ ᠡᠷᠴᠢᠮᠯᠢᠭ ᠪᠠᠶᠢᠯᠭᠠᠬᠤ ᠶᠢ ᠪᠠᠷᠢᠮᠲᠠᠯᠠᠵᠤ᠂ ᠲᠡᠭᠡᠷ᠎ᠡ | ᠲᠤᠤᠷᠠᠬᠢ ᠶᠢ ᠵᠣᠯᠭᠠᠭᠤᠯᠬᠤ ᠪᠠ ︽ᠤᠯᠠᠨ ᠲᠥᠯᠦᠪᠵᠢᠭᠦᠯᠭᠡ ᠶᠢ ᠨᠢᠭᠡᠳᠬᠡᠬᠦ︾ ᠶᠢ ᠪᠠᠷᠢᠮᠲᠠᠯᠠᠵᠤ᠂ | ᠣᠳᠣᠬᠢᠴᠢᠯᠠᠯᠲᠠ ᠶᠢ ᠲᠣᠪᠤᠶᠢᠯᠭᠠᠨ᠂ ᠵᠠᠷᠤᠳ ᠤᠨ ᠣᠨᠴᠠᠯᠢᠭ ᠢ ᠢᠯᠡᠷᠡᠭᠦᠯᠵᠦ᠂ ᠦᠷᠬᠦᠯᠵᠢᠯᠡᠭᠦᠶᠢᠴᠡ | ᠬᠥᠭᠵᠢᠯᠲᠡ ᠶᠢᠨ ᠵᠠᠷᠴᠢᠮ ᠢ ᠢᠯᠡᠷᠡᠭᠦᠯᠵᠦ᠂ ᠤᠯᠤᠰ ᠤᠨ ᠨᠤᠲᠤᠭ ᠳᠡᠪᠢᠰᠬᠡᠷ ᠣᠷᠣᠨ ᠵᠠᠢ ᠶᠢᠨ | ᠲᠥᠯᠦᠪᠵᠢᠭᠦᠯᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ | ᠃ | | | | | ᠪᠦᠦ ᠸᠧᠨ ᠯᠠᠨ ᠱᠠᠭᠠᠷᠳᠠᠭᠰᠠᠨ ᠨᠢ᠂ ᠲᠥᠯᠦᠪᠵᠢᠭᠦᠯᠭᠡ ᠶᠢᠨ ᠮᠡᠷᠭᠡᠵᠢᠯ ᠪᠠᠷᠢᠮᠵᠢᠶ᠎ᠠ ᠶᠢ ᠤᠷᠢᠳ ᠢᠶᠠᠷ | ᠪᠠᠶᠢᠷᠢᠯᠠᠭᠤᠯᠵᠤ᠂ ᠲᠥᠯᠦᠪᠵᠢᠭᠦᠯᠭᠡ ᠶᠢ ᠬᠢᠨᠠᠨ ᠪᠠᠶᠢᠴᠠᠭᠠᠬᠤ ᠪᠣᠭᠤᠮᠲᠠ ᠶᠢ ᠵᠢᠷᠤᠮᠵᠢᠭᠤᠯᠤᠨ᠂ ᠰᠢᠰᠲ᠋ᠧᠮ ᠲᠠᠢ ᠪᠠᠷ | ᠲᠥᠯᠥᠪᠵᠢᠭᠦᠯᠬᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠴᠢᠳᠠᠪᠤᠷᠢ ᠶᠢᠨ ᠬᠢᠷᠢ ᠲᠦᠪᠰᠢᠨ ᠢᠶᠠᠨ | ᠲᠠᠰᠤᠷᠠᠯᠲᠠ ᠦᠭᠡᠢ ᠴᠢᠩᠭᠠᠳᠬᠠᠵᠤ᠂ ᠠᠶᠢᠯ ᠲᠣᠰᠬᠤᠨ ᠤ ᠲᠥᠯᠦᠪᠵᠢᠭᠦᠯᠭᠡ ᠶᠢ ᠬᠥᠲᠥᠯᠥᠨ ᠳᠠᠭᠠᠭᠤᠯᠬᠤ ᠪᠠ | ᠴᠢᠩᠭ᠎ᠠ ᠬᠠᠮᠢᠶᠠᠷᠤᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠲᠠ ᠬᠥᠳᠡᠭᠡ ᠶᠢᠨ | ᠲᠥᠯᠦᠪᠵᠢᠭᠦᠯᠭᠡ ᠶᠢᠨ ᠬᠠᠤᠯᠢ ᠶᠣᠰᠣᠭᠠᠷ᠂ ᠵᠢᠷᠤᠮᠵᠢᠭᠤᠨ᠂ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠪᠠᠲᠤᠯᠠᠵᠤ᠂ | ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ | ᠬᠡᠷᠡᠭᠲᠡᠢ ᠭᠡᠪᠡ᠃ |