ᠪᠦᠦ ᠸᠧᠨ ᠯᠠᠨ ᠰᠢᠶᠠᠩᠱᠠᠨ ᠪᠠᠯᠭᠠᠰᠤᠨ ᠳᠤ ᠬᠦᠷᠴᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/12/21
     ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠭᠤᠣᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠰᠢᠶᠠᠩᠱᠠᠨ ᠪᠠᠯᠭᠠᠰᠤᠨ ᠤ ᠭᠤᠸᠠᠩ ᠰᠢᠩ ᠫᠦ᠋ ᠲᠣᠰᠬᠤᠨ ᠳᠤ ᠬᠦᠷᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃ ᠬᠢᠴᠢᠶᠡᠯ ᠳᠡᠭᠡᠷ᠎ᠡ᠂ ᠪᠦᠦ ᠸᠧᠨ ᠯᠠᠨ ᠠᠴᠠ ᠪᠦᠬᠦ ᠬᠤᠰᠢᠭᠤᠨ ᠤ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠪᠣᠳᠠᠲᠤ ᠪᠠᠶᠢᠳᠠᠯ ᠪᠠ ᠪᠠᠯᠭᠠᠰᠤ ᠲᠣᠰᠬᠤᠨ ᠬᠤᠶᠠᠷ ᠱᠠᠲᠤᠨ ᠤ ᠠᠵᠢᠯ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠶᠢᠨ ᠲᠣᠭᠤᠷᠢᠨ ᠳᠤ ᠲᠣᠰᠬᠤᠨ ᠤ ︽ᠬᠤᠶᠠᠷ ᠵᠥᠪᠯᠡᠯ︾  ᠤᠨ ᠭᠡᠰᠢᠬᠦᠨ᠂ ᠪᠦᠯᠤᠭ᠌ ᠨᠠᠮ ᠤᠨ ᠭᠡᠰᠢᠭᠦᠨ ᠪᠣᠯᠣᠨ ᠤᠯᠠᠨ ᠲᠦᠮᠡᠨ ᠤ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢᠰᠣᠯᠢᠯᠴᠠᠪᠠ᠃    
微信图片_20231221110150.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号