12 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ ᠪᠦᠯᠬᠦᠮ ᠳᠠᠭᠠᠭᠤᠯᠤᠨ ᠱᠠᠨᠰᠢ ᠮᠤᠵᠢ ᠶᠢᠨ ᠤᠭᠰᠠᠷᠠᠬᠤ ᠪᠦᠯᠦᠭᠯᠡᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ᠂ ᠱᠠᠨᠰᠢ ᠶᠢᠨ ᠠᠵᠤ ᠦᠢᠯᠡᠰ ᠤᠨ ᠰᠠᠭᠤᠷᠢ ᠮᠥᠩᠭᠦᠨ ᠤ ᠬᠢᠵᠠᠭᠠᠷᠲᠤ ᠺᠣᠮᠫᠠᠨᠢ᠂ ᠭᠦᠸᠧ ᠫᠦ᠋ | ᠡᠨᠧᠷᠭᠢ ᠶᠢᠨ ᠰᠤᠷᠪᠤᠯᠵᠢ᠂ ᠱᠠᠨᠰᠢ ᠶᠢᠨ ᠣᠯᠠᠨ ᠤᠯᠤᠰ ᠤᠨ ᠡᠨᠧᠷᠭᠢ ᠶᠢᠨ ᠰᠤᠷᠪᠤᠯᠵᠢ ᠵᠡᠷᠭᠡ ᠭᠠᠵᠠᠷ ᠲᠤ ᠬᠦᠷᠴᠦ | ᠪᠣᠬᠢᠷᠲᠤᠯ ᠦᠭᠡᠢ ᠬᠥᠩᠭᠡᠨᠴᠠᠭᠠᠨ ᠤ ᠢᠰᠦᠯ ᠤᠨ ᠵᠦᠢᠯᠡᠰ ᠢ ᠰᠢᠨᠵᠢᠯᠡᠨ ᠪᠠᠶᠢᠴᠠᠭᠠᠬᠤ ᠶᠢᠨ ᠬᠠᠮᠲᠤ ᠰᠠᠭᠤᠳᠠᠯ ᠤᠨ | ᠬᠤᠷᠠᠯ ᠬᠢᠪᠡ᠃ ᠬᠤᠷᠠᠯ ᠳᠡᠭᠡᠷ᠎ᠡ᠂ ᠡᠯ᠎ᠡ ᠲᠠᠯ᠎ᠠ ᠶᠢᠨ ᠬᠢᠨ ᠵᠠᠷᠤᠳ ᠬᠤᠰᠢᠭᠤᠨ ᠤ ᠪᠣᠬᠢᠷᠲᠤᠯ ᠦᠭᠡᠢ | ᠬᠥᠩᠭᠡᠨᠴᠠᠭᠠᠨ ᠤ ᠢᠰᠦᠯ ᠤᠨ ᠲᠥᠷᠥᠯ ᠵᠦᠢᠯ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ᠂ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ᠂ ᠡᠮᠬᠢᠯᠡᠨ ᠨᠡᠶᠢᠯᠡᠭᠦᠯᠬᠦ᠂ ᠪᠣᠬᠢᠷᠲᠤᠯ ᠦᠭᠡᠢ ᠠᠭᠠᠷ ᠤᠨ | ᠠᠶᠠᠯᠠᠯ ᠤᠨ ᠲᠣᠰᠣᠨ ᠤ ᠦᠢᠯᠡᠳᠪᠦᠷᠢᠯᠡᠯ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠭᠰᠠᠨ | ᠪᠥᠭᠡᠳ ᠣᠶᠢᠷ᠎ᠠ ᠶᠢᠨ ᠬᠤᠭᠤᠴᠠᠭᠠᠨ ᠳᠤ ᠵᠠᠷᠤᠳ ᠬᠤᠰᠢᠭᠤᠨ ᠳᠤ ᠬᠦᠷᠴᠦ ᠤᠯᠠᠮ ᠨᠢᠭᠡ ᠠᠯᠬᠤᠮ ᠵᠥᠪᠳᠡᠯᠴᠡᠨ᠎ᠡ | ᠭᠡᠵᠦ ᠢᠯᠡᠷᠬᠡᠶᠢᠯᠡᠪᠡ᠃ | | | |