ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ 2023 ᠣᠨ ᠤ ᠭᠤᠣᠯᠳᠠᠯᠭ᠎ᠠ ᠲᠠᠢ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠳᠤ ᠦᠨᠡᠯᠡᠯᠲᠡ ᠬᠢᠪᠡ
ᠨᠡᠶᠢᠲᠡᠯᠡᠭᠰᠡᠨ ᠴᠠᠭ᠄
2023/12/21
    12 ᠰᠠᠷ᠎ᠠ ᠶᠢᠨ 19 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨ ᠵᠠᠷᠢᠮ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ 2023 ᠣᠨ ᠤ ᠭᠤᠣᠯᠳᠠᠯᠭ᠎ᠠ ᠲᠠᠢ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠳᠤ ᠦᠨᠡᠯᠡᠯᠲᠡ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠴᠦᠨ ᠬᠤᠶ᠂ ᠶᠠᠩ ᠵᠧᠨ ᠴᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠵᠢᠶᠠ ᠪᠦᠦ ᠦ᠋ ᠵᠢᠴᠢ ᠵᠠᠷᠢᠮ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠭᠤᠣᠯᠳᠠᠯᠭ᠎ᠠ ᠲᠠᠢ ᠰᠠᠨᠠᠭᠤᠯᠭ᠎ᠠ ᠶᠢᠨ ᠳᠠᠭᠠᠭᠤᠯᠤᠭᠴᠢ ᠲᠥᠯᠥᠭᠡᠯᠡᠭᠴᠢ ᠪᠠ ᠵᠠᠷᠢᠮ ᠨᠡᠷ᠎ᠡ ᠬᠤᠯᠪᠣᠭᠠᠯᠠᠭᠰᠠᠨ ᠲᠥᠯᠥᠭᠡᠯᠡᠭᠴᠢ ᠵᠢᠴᠢ ᠭᠤᠣᠯᠳᠠᠯᠭ᠎ᠠ ᠲᠠᠢ ᠰᠠᠨᠠᠭᠤᠯᠭ᠎ᠠ ᠶᠢ ᠳᠠᠭᠠᠭᠠᠨ ᠭᠦᠢᠴᠡᠳᠬᠡᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠦᠨᠡᠯᠡᠬᠦ ᠠᠵᠢᠯᠯᠠᠭ᠎ᠠ ᠳᠤ ᠣᠷᠣᠯᠴᠠᠪᠠ᠃     ᠬᠤᠷᠠᠯ ᠳᠡᠭᠡᠷ᠎ᠡ᠂ ᠮᠦ ᠲᠢᠶᠧ ᠮᠢᠨ 2023 ᠣᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠭᠤᠣᠯᠳᠠᠯᠭ᠎ᠠ ᠲᠠᠢ ᠰᠠᠨᠠᠭᠤᠯᠭ᠎ᠠ ᠪᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠭᠤᠣᠯᠳᠠᠯᠭ᠎ᠠ ᠲᠠᠢ ᠰᠠᠨᠠᠭᠤᠯᠭ᠎ᠠ ᠶᠢ ᠭᠦᠢᠴᠡᠳᠭᠡᠭᠰᠡᠨ ᠪᠠᠶᠢᠳᠠᠯ ᠤᠨ ᠲᠤᠬᠠᠢ ᠲᠤᠰᠬᠠᠢ ᠰᠡᠳᠦᠪ ᠢᠶᠠᠷ ᠯᠠᠪᠯᠠᠨ ᠠᠰᠠᠭᠤᠭᠰᠠᠨ ᠪᠥᠭᠡᠳ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ᠃     ᠬᠤᠷᠠᠯ ᠳᠤ ᠣᠷᠣᠯᠴᠠᠭᠰᠠᠳ ᠭᠤᠣᠯᠳᠠᠯᠭ᠎ᠠ ᠲᠠᠢ ᠰᠠᠨᠠᠭᠤᠯᠭ᠎ᠠ ᠶᠢ ᠭᠦᠢᠴᠡᠳᠭᠡᠭᠰᠡᠨ ᠪᠠᠶᠢᠳᠠᠯ ᠢ ᠨᠤᠲᠠᠯᠠᠬᠤ ᠶᠢᠨ ᠬᠠᠮᠲᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠯᠥᠭᠡᠯᠡᠭᠴᠢᠳ ᠤᠨ ᠭᠤᠣᠯᠳᠠᠯᠭ᠎ᠠ ᠲᠠᠢ ᠰᠠᠨᠠᠭᠤᠯᠭ᠎ᠠ ᠶᠢ ᠭᠦᠢᠴᠡᠳᠭᠡᠬᠦ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠨᠡᠪᠲᠡᠷᠡᠯᠴᠡᠨ ᠵᠣᠬᠢᠴᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠭᠤᠣᠯᠳᠠᠯᠭ᠎ᠠ ᠲᠠᠢ ᠰᠠᠨᠠᠭᠤᠯᠭ᠎ᠠ ᠶᠢ ᠭᠦᠢᠴᠡᠳᠭᠡᠬᠦ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠭᠤᠣᠯᠳᠠᠯᠭ᠎ᠠ ᠲᠠᠢ ᠰᠠᠨᠠᠭᠤᠯᠭ᠎ᠠ ᠶᠢ ᠭᠦᠢᠴᠡᠳᠭᠡᠬᠦ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠭᠤᠣᠯᠳᠠᠯᠭ᠎ᠠ ᠲᠠᠢ ᠰᠠᠨᠠᠭᠤᠯᠭ᠎ᠠ ᠶᠢ ᠭᠦᠢᠴᠡᠳᠭᠡᠬᠦ ᠠᠵᠢᠯ ᠤᠨ ᠳ᠋ᠦᠩᠨᠡᠯᠲᠡ ᠪᠠ ᠤᠬᠠᠭᠤᠯᠭ᠎ᠠ ᠶᠢ ᠴᠢᠩᠭᠠᠳᠬᠠᠵᠤ᠂ ᠰᠠᠨᠠᠭᠤᠯᠭ᠎ᠠ ᠶᠢ ᠭᠦᠢᠴᠡᠳᠭᠡᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠢ︔ ᠰᠠᠨᠠᠭᠤᠯᠭ᠎ᠠ ᠶᠢ ᠭᠦᠢᠴᠡᠳᠭᠡᠬᠦ ᠶᠠᠪᠤᠴᠠ ᠳᠤ ᠬᠠᠨᠤᠮᠵᠢ ᠶᠢᠨ ᠨᠣᠷᠮ᠎ᠠ᠂ ᠭᠦᠢᠴᠡᠳᠭᠡᠵᠦ ᠳᠠᠭᠤᠰᠬᠠᠬᠤ ᠨᠣᠷᠮ᠎ᠠ ᠶᠢ ᠴᠢᠬᠤᠯᠠᠴᠢᠯᠠᠵᠤ᠂ ᠭᠤᠣᠯᠳᠠᠯᠭ᠎ᠠ ᠲᠠᠢ ᠰᠠᠨᠠᠭᠤᠯᠭ᠎ᠠ ᠶᠢ ᠭᠦᠢᠴᠡᠳᠭᠡᠬᠦ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠠᠨᠠᠭᠤᠯᠭ᠎ᠠ ᠶᠢ  ᠭᠦᠢᠴᠡᠳᠭᠡᠬᠦ ᠠᠵᠢᠯ ᠤᠨ ᠪᠣᠳᠠᠲᠤ ᠪᠦᠲᠦᠮᠵᠢᠲᠦ ᠴᠢᠨᠠᠷ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号