2023 ᠣᠨ ᠤ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ ᠶᠢ ᠤᠷᠢᠨ ᠲᠣᠮᠢᠯᠠᠬᠤ ᠶᠣᠰᠣᠯᠠᠯ ᠵᠢᠴᠢ ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/12/21
    12 ᠰᠠᠷ᠎ᠠ ᠶᠢᠨ 19 ᠤ ᠡᠳᠦᠷ᠂ ᠵᠠᠷᠤᠳ ᠬᠤᠰᠢᠭᠤ 2023 ᠣᠨ ᠤ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠳᠡᠳ᠋ ᠭᠠᠴᠭᠠᠠᠨ ᠳᠠᠷᠤᠭ᠎ᠠ ᠶᠢ ᠤᠷᠢᠨ ᠲᠣᠮᠢᠯᠠᠬᠤ ᠶᠣᠰᠣᠯᠠᠯ ᠵᠢᠴᠢ ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠵᠢᠶᠦ᠋ᠨ ᠯᠢᠩ ᠪᠣᠯᠤᠨ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠤᠷᠢᠵᠤ ᠲᠣᠮᠢᠯᠠᠬᠤ ᠶᠣᠰᠣᠯᠠᠯ ᠳᠤ ᠣᠷᠣᠯᠴᠠᠪᠠ᠃ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠲᠦᠩᠯᠢᠶᠣᠣ ᠶᠢᠨ ᠬᠤᠪᠢᠶᠠᠷᠢ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠵᠠᠷᠤᠳ ᠬᠤᠰᠢᠭᠤᠨ ᠳᠠᠬᠢ ᠰᠠᠯᠪᠤᠷᠢ ᠪᠠᠩᠬᠢ ᠪᠣᠯᠣᠨ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ  ᠲᠠᠯᠠᠪᠠᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠲᠣᠰ ᠤᠳᠠᠭ᠎ᠠ ᠶᠢᠨ ᠤᠷᠢᠨ ᠲᠣᠮᠢᠯᠠᠭᠰᠠᠨ ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ ᠶᠢᠨ ᠲᠥᠯᠥᠭᠡᠯᠡᠭᠴᠢ ᠣᠷᠣᠯᠴᠠᠪᠠ᠃     ᠼᠦᠢ ᠯᠧᠢ ᠯᠧᠢ ᠵᠢᠭᠠᠪᠣᠷᠢᠯᠠᠭᠰᠠᠨ ᠨᠢ᠂ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠶᠢᠨ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠬᠦ ᠠᠵᠢᠯ ᠪᠣᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠳᠤᠮᠳᠠ ᠰᠢᠨ᠎ᠡ ᠪᠠᠶᠢᠳᠠᠯ ᠳᠤ ᠴᠢᠭᠯᠡᠭᠦᠯᠦᠨ᠂ ᠰᠢᠨ᠎ᠡ ᠬᠡᠪ ᠪᠠᠶᠢᠳᠠᠯ ᠳᠤ ᠵᠣᠬᠢᠴᠠᠬᠤ᠂ ᠭᠠᠷ ᠬᠤᠯᠪᠣᠨ ᠬᠠᠮᠲᠤ ᠪᠠᠷ ᠠᠰᠢᠭ ᠭᠥᠷᠳᠡᠬᠦ ᠢᠷᠡᠭᠡᠳᠦᠢ ᠶᠢᠨ ᠰᠢᠨ᠎ᠡ ᠡᠬᠢᠯᠡᠯᠲᠡ ᠮᠥᠨ᠃ ᠡᠯ᠎ᠡ ᠭᠠᠵᠠᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠮᠲᠤᠷᠠᠨ ᠠᠵᠢᠯᠯᠠᠬᠤ ᠤᠬᠠᠮᠰᠠᠷ ᠢ ᠪᠠᠲᠤ ᠪᠤᠶ ᠪᠣᠯᠭᠠᠵᠤ᠂ ᠠᠵᠢᠯ ᠤᠨ ᠲᠤᠰᠬᠠᠢ ᠠᠩᠭᠢ ᠪᠠᠶᠢᠭᠤᠯᠵᠤ᠂ ᠢᠳᠡᠪᠬᠢᠲᠡᠢ ᠪᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠤᠤᠰᠯᠠᠯ ᠪᠠᠶᠢᠭᠤᠯᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠵᠦ᠂ ᠪᠣᠳᠠᠲᠠᠢ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠮᠵᠢᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠪᠠ ᠥᠷᠭᠡᠨ ᠣᠯᠠᠨ ᠮᠠᠯᠴᠢᠨ ᠲᠠᠷᠢᠶᠠᠴᠢᠨ ᠳᠤ ᠮᠥᠩᠭᠦᠨ ᠭᠦᠢᠯᠭᠡᠭᠡᠨ ᠤ ᠮᠡᠬᠡᠯᠡᠯ ᠢ ᠰᠡᠷᠭᠡᠶᠢᠯᠡᠬᠦ ᠵᠡᠷᠭᠡ ᠰᠠᠭᠤᠷᠢ ᠮᠡᠳᠡᠯᠭᠡ ᠶᠢ ᠲᠦᠭᠡᠮᠡᠯᠵᠢᠭᠦᠯᠵᠦ᠂ ᠵᠣᠬᠢᠶᠠᠨ    ᠪᠠᠶᠢᠭᠤᠯᠤᠯᠲᠠ ᠬᠠᠮᠲᠤᠪᠠᠷ ᠴᠣᠭᠴᠠᠯᠠᠬᠤ᠂ ᠨᠠᠮ ᠤᠨ ᠭᠡᠰᠢᠭᠦᠨ ᠬᠠᠮᠲᠤᠪᠠᠷ ᠬᠠᠮᠢᠶᠠᠷᠬᠤ᠂ ᠠᠵᠢᠯᠯᠠᠭ᠎ᠠ ᠶᠢ ᠬᠠᠮᠲᠤᠪᠠᠷ ᠬᠤᠯᠪᠣᠭᠠᠯᠠᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠦᠴᠢᠷ ᠠᠰᠠᠭᠤᠳᠠᠯ ᠢ ᠬᠠᠮᠲᠤᠪᠠᠷ ᠰᠢᠢᠳᠪᠦᠷᠢᠯᠡᠬᠦ᠂ ᠰᠣᠶᠣᠯ ᠢ ᠬᠠᠮᠲᠤᠪᠠᠷ ᠠᠭᠤᠰᠤᠯᠴᠠᠭᠤᠯᠬᠤ ᠪᠠᠷ ᠳᠠᠮᠵᠢᠭᠤᠯᠤᠨ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠰᠢᠨ᠎ᠡ ᠬᠦᠷᠢᠶ᠎ᠡ ᠴᠠᠷᠠᠭ᠎ᠠ ᠶᠢ ᠥᠷᠭᠡᠳᠬᠡᠨ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠰᠢᠨ᠎ᠡ ᠬᠡᠪ ᠳᠠᠭᠤᠷᠢᠶᠠᠯ ᠢ ᠡᠭᠦᠳᠬᠦ ᠪᠣᠯᠣᠨ᠎ᠠ ᠭᠡᠪᠡ᠃     ᠼᠦᠢ ᠯᠧᠢ ᠯᠧᠢ ᠴᠢᠬᠤᠯᠠᠴᠢᠯᠠᠭᠰᠠᠨ ᠨᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠨ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ︽ᠮᠥᠩᠭᠦᠨ ᠭᠦᠢᠯᠭᠡᠭᠡᠨ ᠤ ᠣᠷᠣᠰᠬᠠᠯ ᠤᠰᠤ︾ ᠨᠡᠮᠡᠷᠢᠯᠡᠵᠦ᠂ ︽ᠮᠥᠩᠭᠦᠨ ᠭᠦᠢᠯᠭᠡᠭᠡᠨ ᠤ ᠬᠦᠴᠦᠨ︾ ᠬᠠᠩᠭᠠᠵᠤ᠂ ︽ᠮᠥᠩᠭᠦᠨ ᠭᠦᠢᠯᠭᠡᠭᠡᠨ ᠤ ᠬᠤᠪᠢ ᠨᠡᠮᠡᠷᠢ︾ ᠪᠠᠨ ᠦᠵᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠵᠠᠰᠠᠯᠲᠠ᠂ ︽ᠪᠢ ᠣᠯᠠᠨ ᠲᠦᠮᠡᠨ ᠳᠤ ᠪᠣᠳᠠᠲᠠᠢ ᠶᠠᠪᠣᠳᠠᠯ ᠬᠢᠬᠦ︾ ᠠᠵᠢᠯᠯᠠᠭ᠎ᠠ ᠶᠢᠨ ᠲᠣᠭᠤᠷᠢᠨ ᠳᠤ᠂ ᠨᠠᠩ ᠳᠥᠭᠦᠮ ᠳᠥᠲᠡ᠂ ᠨᠠᠩ ᠬᠠᠷᠠᠭᠠᠯᠵᠠᠯ ᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ᠂ ᠮᠥᠩᠭᠦᠨ ᠭᠦᠢᠯᠭᠡᠭᠡᠨ ᠤ ᠦᠢᠯᠡᠳᠬᠦᠨ ᠢ ᠲᠠᠰᠤᠷᠠᠯᠲᠠ ᠦᠭᠡᠢ ᠭᠠᠷᠭᠠᠵᠤ᠂ ︽ᠢᠲᠡᠭᠡᠮᠵᠢᠲᠦ ᠰᠤᠮᠤ ᠪᠠᠯᠭᠠᠰᠤ︾ ︽ᠢᠲᠡᠭᠡᠮᠵᠢᠲᠦ ᠭᠠᠴᠠᠭ᠎ᠠ ᠲᠣᠰᠬᠤᠨ︾ ︽ᠢᠲᠡᠭᠡᠮᠵᠢᠲᠦ ᠮᠠᠯᠴᠢᠨ ᠲᠠᠷᠢᠶᠠᠴᠢᠨ ᠡᠷᠦᠬᠡ︾ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠠᠶᠢᠩᠭᠤ ᠰᠠᠭᠤᠭ᠎ᠠ ᠡᠷᠦᠬᠡ ᠶᠢᠨ ᠮᠡᠳᠡᠭᠡ ᠵᠠᠩᠭᠢ ᠶᠢ ᠴᠤᠭᠯᠠᠭᠤᠯᠬᠤ ᠬᠠᠮᠤᠷᠬᠤ ᠬᠡᠪᠴᠢᠶ᠎ᠡ ᠶᠢ ᠴᠢᠷᠮᠠᠶᠢᠨ ᠪᠡᠶᠡᠯᠡᠭᠦᠯᠵᠦ᠂ ᠮᠠᠯᠴᠢᠨ ᠲᠠᠷᠢᠶᠠᠴᠢᠨ ᠤ ᠢᠲᠡᠭᠡᠮᠵᠢᠲᠦ ᠵᠢᠭᠡᠯᠡᠯᠭᠡ ᠠᠪᠬᠤ ᠨᠥᠬᠦᠴᠡᠯ ᠳᠤ ᠨᠡᠶᠢᠴᠡᠬᠦ ᠬᠦᠮᠦᠰ ᠤᠨ ᠪᠦᠲᠦᠮᠵᠢᠲᠡᠶ ᠢᠲᠡᠭᠡᠮᠵᠢᠲᠦ ᠵᠢᠭᠡᠯᠡᠯᠭᠡ ᠠᠪᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ ᠲᠤᠰ ᠤᠳᠠᠭᠠᠨ ᠤ ᠤᠷᠢᠨ ᠲᠣᠮᠢᠯᠠᠭᠰᠠᠨ ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ ᠶᠢᠨ ᠪᠣᠯᠪᠠᠰᠤᠷᠠᠯ ᠵᠢᠯᠣᠭᠤᠳᠤᠯᠭ᠎ᠠ ᠶᠢ ᠪᠦᠬᠦ ᠲᠠᠯ᠎ᠠ  ᠪᠠᠷ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠰᠠᠶᠢᠲᠤᠷ ᠬᠢᠬᠦ ᠶᠢᠨ ᠳᠠᠭᠠᠤ ᠲᠣᠰᠬᠤᠨ ᠤ ᠳᠡᠰ ᠤᠨ ᠪᠡᠯᠡᠳᠬᠡᠯ ᠺᠠᠳ᠋ᠷ ᠤᠨ ᠡᠭᠦᠷᠭᠡ ᠶᠢ ᠲᠣᠳᠣᠷᠬᠠᠶᠢᠯᠠᠵᠤ᠂ ᠮᠥᠩᠭᠦᠨ ᠭᠦᠢᠯᠭᠡᠭᠡᠨ ᠤ ᠮᠡᠳᠡᠯᠭᠡ᠂ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠢᠳᠡᠪᠬᠢᠲᠡᠢ ᠤᠬᠠᠭᠤᠯᠵᠤ᠂ ᠬᠥᠳᠡᠭᠡ ᠲᠣᠰᠬᠤᠨ ᠤ ᠵᠠᠰᠠᠯᠲᠠ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠡᠮᠵᠢᠬᠦ ᠵᠡᠷᠭᠡ ᠠᠵᠢᠯ ᠳᠤ ᠰᠠᠨᠠᠭᠠᠴᠢᠯᠠᠭ᠎ᠠ  ᠠᠴᠠ ᠪᠠᠨ ᠣᠷᠣᠯᠴᠠᠵᠤ᠂ ᠲᠥᠷᠥᠯ ᠵᠦᠢᠯ ᠤᠨ ᠪᠡᠯᠡ ᠮᠦᠩᠬᠦ ᠴᠤᠭᠯᠠᠭᠤᠯᠬᠤ ᠰᠢᠢᠳᠪᠦᠷᠢᠲᠦ ᠪᠣᠳᠣᠯᠭ᠎ᠠ ᠶᠢᠨ ᠵᠥᠪᠯᠡᠭᠴᠢ ᠪᠠ ᠪᠠᠩᠬᠢ ᠠᠵᠤ ᠠᠬᠤᠶᠢᠯᠠᠯ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠪᠠᠩᠬᠢ ᠬᠢᠭᠡᠳ ᠡᠯ᠎ᠡ ᠭᠠᠴᠠᠭ᠎ᠠ ᠲᠣᠰᠬᠤᠨ᠂ ᠠᠵᠤ ᠠᠬᠤᠶᠢᠯᠠᠯ᠂ ᠮᠠᠯᠴᠢᠨ ᠲᠠᠷᠢᠶᠠᠴᠢᠨ ᠡᠷᠦᠬᠡ ᠶᠢᠨ ᠮᠥᠩᠭᠦᠨ ᠭᠦᠢᠯᠭᠡᠭᠡᠨ ᠤ ᠬᠤᠯᠪᠣᠭᠠᠰᠤ ᠪᠣᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠬᠡᠷᠡᠭᠲᠡᠢ ᠭᠡᠪᠡ᠃     ᠶᠣᠰᠣᠯᠠᠯ ᠳᠡᠭᠡᠷ᠎ᠡ᠂ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠶᠢᠨ ᠲᠥᠯᠥᠭᠡᠯᠡᠭᠴᠢᠳ ᠲᠤ ᠤᠷᠢᠯᠭ᠎ᠠ ᠶᠢᠨ ᠪᠢᠴᠢᠭ ᠭᠠᠷᠳᠠᠭᠤᠯᠪᠠ︔ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠵᠠᠷᠤᠳ ᠬᠤᠰᠢᠭᠤᠨ ᠳᠠᠬᠢ ᠰᠠᠯᠪᠤᠷᠢ ᠪᠠᠩᠬᠢ ᠶᠢᠨ ᠠᠵᠢᠯᠲᠠᠳ ᠰᠢᠨ᠎ᠡ ᠪᠠᠷ ᠤᠷᠢᠨ ᠲᠣᠮᠢᠯᠠᠭᠰᠠᠨ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠪᠡ᠃     ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠠᠩᠬᠠᠳᠠᠭᠴᠢ ᠨᠢᠭᠡ ᠪᠦᠯᠦᠭ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠢ ᠰᠠᠶᠢᠨ ᠮᠡᠳᠡᠳᠡᠭ 101 ᠬᠥᠮᠥᠨ ᠢᠶᠠᠷ ︽ᠮᠥᠩᠭᠦᠨ ᠭᠦᠢᠯᠭᠡᠭᠡᠨ ᠤ ᠳᠡᠳ᠋  ᠭᠠᠴᠠᠭᠠᠨ ᠳᠠᠷᠤᠭ᠎ᠠ︾ ᠶᠢᠨ ᠲᠤᠰᠢᠶᠠᠯ ᠡᠭᠦᠷᠭᠡᠯᠡᠭᠦᠯᠵᠦ᠂ ᠮᠠᠯᠴᠢᠨ ᠲᠠᠷᠢᠶᠠᠴᠢᠳ ᠲᠤ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠵᠣᠯᠭᠠᠭᠤᠯᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠤᠰᠬᠠᠶᠢᠵᠢᠭᠤᠯᠬᠤ᠂ ᠣᠨᠣᠴᠠᠲᠠᠢ ᠪᠣᠯᠭᠠᠬᠤ᠂ ᠥᠨᠳᠥᠷ ᠦᠷ᠎ᠡ ᠪᠦᠲᠦᠮᠵᠢᠲᠡᠶ ᠪᠣᠯᠭᠠᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠣᠷᠣᠰᠬᠠᠯ ᠤᠰᠤ ᠪᠠᠷ ᠬᠥᠳᠡᠭᠡ ᠲᠣᠰᠬᠤᠨ ᠤ ᠡᠬᠡ ᠭᠠᠵᠠᠷ ᠢ ᠤᠮᠳᠠᠯᠠᠬᠤ ᠪᠤᠯᠤᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号