| 12 ᠰᠠᠷ᠎ᠠ ᠶᠢᠨ 21 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ | ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠨᠠᠮ ᠤᠨ ᠬᠤᠷᠢᠶ᠎ᠠ ᠶᠢᠨ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ | ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ | ᠶᠠᠨ ᠵᠢᠶᠦ᠋ᠨ ᠬᠤᠷᠠᠯ ᠡᠷᠭᠢᠯᠡᠨ ᠶᠠᠷᠢᠶ᠎ᠠ ᠲᠠᠯᠪᠢᠪᠠ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ | ᠵᠠᠷᠢᠮ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠠᠬᠤᠢ ᠲᠠᠯᠠᠪᠠᠢ ᠳᠤ | ᠠᠵᠢᠯ ᠤᠨ ᠮᠡᠳᠡᠭᠦᠯᠦᠯᠲᠡ ᠬᠢᠪᠡ᠃ ᠱᠣᠣ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢ ᠲᠥᠯᠥᠭᠡᠯᠡᠨ | ᠲᠤᠰᠢᠶᠠᠯ ᠤᠨ ᠮᠡᠳᠡᠭᠦᠯᠦᠯᠲᠡ ᠳᠤ ᠲᠠᠰ ᠳᠠᠷᠠᠭᠠᠯᠠᠨ ᠦᠨᠡᠯᠡᠯᠲᠡ ᠬᠢᠵᠦ᠂ ᠬᠠᠮᠢᠶ᠎ᠠ ᠪᠦᠬᠦᠢ ᠪᠠᠶᠢᠩᠭᠤ ᠶᠢᠨ | ᠬᠤᠷᠢᠶᠠᠨ ᠤ ᠤᠳᠤᠷᠢᠳᠤᠯᠭ᠎ᠠ ᠦᠪᠡᠷ ᠦᠪᠡᠷ ᠤᠨ ᠠᠵᠢᠯ ᠤᠨ ᠬᠤᠪᠢᠶᠠᠷᠢᠯᠠᠯ ᠳᠠᠭᠠᠨ ᠰᠠᠭᠤᠷᠢᠯᠠᠨ ᠲᠤᠰᠢᠶᠠᠯ ᠤᠨ | ᠮᠡᠳᠡᠭᠦᠯᠦᠯᠲᠡ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠦᠨᠡᠯᠡᠯᠲᠡ ᠬᠢᠪᠡ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ | ᠥᠨᠳᠥᠷ ᠪᠦᠲᠦᠮᠵᠢᠲᠡᠢ ᠪᠠᠷ ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ | ᠡᠭᠦᠷᠭᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ | ᠬᠦᠴᠦ ᠪᠠᠨ ᠲᠥᠪᠯᠡᠷᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠦᠨᠳᠦᠰᠦ ᠪᠠᠨ ᠪᠠᠬᠢᠵᠢᠭᠦᠯᠵᠦ | ᠰᠠᠭᠤᠷᠢ ᠪᠠᠨ ᠪᠠᠲᠤᠳᠬᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠪᠦᠬᠦᠯᠢ ᠴᠣᠭᠴᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠳᠡᠭᠡᠭᠰᠢᠯᠡᠭᠦᠯᠬᠦ ᠣᠨ︾ ᠤ ᠦᠷ᠎ᠡ ᠪᠦᠲᠦᠭᠡᠯ ᠢᠶᠠᠨ ᠦᠷᠭᠦᠯᠵᠢᠯᠡᠨ | ᠪᠠᠬᠢᠵᠢᠭᠦᠯᠵᠦ᠂ ᠪᠠᠲᠤ ᠴᠢᠩᠭ᠎ᠠ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ | ᠠᠬᠢᠭᠤᠯᠵᠤ᠂ ᠡᠯ᠎ᠡ ᠬᠦᠷᠢᠶ᠎ᠡ ᠴᠠᠷ᠎ᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢᠨ ᠠᠵᠢᠯ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠰᠢᠯᠭᠠᠷᠠᠬᠤ ᠶᠢ ᠠᠬᠢᠭᠤᠯᠬᠤ ᠬᠡᠷᠡᠭᠲᠡᠢ | ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ | ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠲᠠ ᠦᠭᠡᠢ ᠴᠡᠪᠡᠷᠰᠢᠭᠦᠯᠬᠦ ᠬᠡᠷᠡᠭᠲᠡᠢ᠃ | ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ | ᠨᠠᠮ ᠤᠨ ᠲᠥᠷᠥ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠲᠥᠷᠥ ᠪᠠᠷᠢᠬᠤ ᠪᠠᠶᠢᠷᠢ ᠰᠠᠭᠤᠷᠢ ᠶᠢ | ᠪᠠᠬᠢᠵᠢᠭᠦᠯᠬᠦ ᠳᠡᠭᠡᠳᠦ ᠬᠡᠮᠵᠢᠶᠡᠨ ᠠᠴᠠ ᠨᠠᠮ ᠢ ᠴᠢᠩᠭ᠎ᠠ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ | ᠭᠦᠨᠵᠡᠭᠡᠢ ᠲᠠᠨᠢᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠪᠣᠳᠠᠲᠠᠢ ᠪᠠᠴᠢᠮ ᠲᠤᠯᠭᠠᠮ᠎ᠠ | ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠤᠯᠤᠰ ᠲᠥᠷᠥ ᠶᠢᠨ | ᠬᠠᠷᠢᠭᠤᠴᠠᠯᠭ᠎ᠠ ᠪᠠᠨ ᠡᠷᠡᠰ ᠡᠭᠦᠷᠭᠡᠯᠡᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ | ᠠᠰᠢᠭ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ | ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ ᠰᠠᠶᠢᠲᠤᠷ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠨᠬᠦ ᠭᠦᠨᠵᠡᠭᠡᠢ᠂ | ᠨᠠᠷᠢᠯᠢᠭ᠂ ᠪᠣᠳᠠᠲᠠᠢ ᠠᠳᠬᠤᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ | ᠲᠦᠷᠭᠡᠳᠬᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠳᠤ ᠨᠠᠩ ᠶᠡᠭᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃ | | | |