ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠤᠯᠤᠰ ᠤᠨ ᠦᠮᠴᠢᠯᠡᠯᠲᠦ ᠣᠶ ᠰᠢᠭᠤᠢ ᠶᠢᠨ ᠲᠠᠯᠠᠪᠠᠶ ᠳᠤ ᠭᠦᠨᠵᠡᠭᠡᠶᠢᠷᠡᠨ ᠣᠶ ᠰᠢᠭᠤᠢ ᠶᠢ ᠲᠣᠭᠤᠷᠢᠨ ᠪᠠᠶᠢᠴᠠᠭᠠᠬᠤ ᠶᠢᠨ ᠬᠠᠮᠲᠤ ᠣᠶ ᠰᠢᠭᠤᠢ ᠶᠢᠨ ᠠᠬᠠᠯᠠᠭᠴᠢ ᠶᠢᠨ ᠳᠦᠷᠢᠮ ᠵᠢᠴᠢ ᠠᠵᠤ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/12/25
    12 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠤᠯᠤᠰ ᠤᠨ ᠦᠮᠴᠢᠯᠡᠯᠲᠦ ᠣᠶ ᠰᠢᠭᠤᠢ ᠶᠢᠨ ᠲᠠᠯᠠᠪᠠᠶ ᠳᠤ ᠭᠦᠨᠵᠡᠭᠡᠶᠢᠷᠡᠨ ᠣᠶ ᠰᠢᠭᠤᠢ ᠶᠢ ᠲᠣᠭᠤᠷᠢᠨ ᠪᠠᠶᠢᠴᠠᠭᠠᠬᠤ ᠶᠢᠨ ᠬᠠᠮᠲᠤ ᠣᠶ ᠰᠢᠭᠤᠢ ᠶᠢᠨ ᠠᠬᠠᠯᠠᠭᠴᠢ ᠶᠢᠨ ᠳᠦᠷᠢᠮ ᠵᠢᠴᠢ ᠠᠵᠤ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠳᠡᠳ᠋ ᠬᠤᠰᠢᠭᠤᠨ ᠳᠠᠷᠤᠭ᠎ᠠ ᠫᠠᠨ ᠫᠧᠩ ᠹᠧᠢ᠂ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠳᠤᠷᠢᠳᠤᠯᠭ᠎ᠠ ᠣᠶ ᠰᠢᠭᠤᠢ ᠶᠢ ᠲᠣᠭᠤᠷᠢᠨ ᠪᠠᠶᠢᠴᠠᠭᠠᠯᠲᠠ ᠬᠢᠬᠦ ᠳᠤ ᠣᠷᠣᠯᠴᠠᠪᠠ᠃
63f27111d1860dbf97fbe7acb4b68c2.jpg
    ᠪᠦᠦ ᠸᠧᠨ ᠯᠠᠨ ᠬᠠᠮᠲᠤ ᠶᠠᠪᠣᠭᠰᠠᠳ ᠲᠠᠢ ᠪᠠᠨ ᠪᠠᠶᠠᠨᠴᠠᠭᠠᠨ ᠤᠢ ᠰᠢᠭᠤᠢ ᠶᠢᠨ ᠲᠠᠯᠠᠪᠠᠢ ᠪᠣᠯᠣᠨ ᠶᠡᠭᠡ ᠤᠢ ᠰᠢᠭᠤᠢ ᠶᠢᠨ ᠲᠠᠯᠠᠪᠠᠢ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂  ᠠᠬᠤᠢ ᠲᠠᠯᠠᠪᠠᠢ ᠳᠤ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠤᠢ ᠰᠢᠭᠤᠢ ᠶᠢᠨ ᠠᠬᠠᠯᠠᠭᠴᠢ ᠶᠢᠨ ᠳᠦᠷᠢᠮ ᠤᠨ ᠠᠵᠢᠯᠯᠠᠭ᠎ᠠ᠂ ᠤᠢ ᠰᠢᠭᠤᠢ ᠶᠢᠨ ᠠᠵᠤ ᠦᠢᠯᠡᠰ ᠤᠨ ᠬᠥᠭᠵᠢᠯᠲᠡ᠂ ᠤᠢ ᠰᠢᠭᠤᠢ ᠶᠢᠨ ᠭᠠᠯ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃
340ac40cc4e0bb2aac85eaac2857193.jpg
    ᠪᠦᠦ ᠸᠧᠨ ᠯᠠᠨ ᠵᠢᠭᠠᠪᠣᠷᠢᠯᠠᠭᠰᠠᠨ ᠨᠢ᠂ ᠤᠢ ᠰᠢᠭᠤᠢ ᠶᠢᠨ ᠠᠬᠠᠯᠠᠭᠴᠢ ᠶᠢᠨ ᠳᠦᠷᠢᠮ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠂ ᠨᠢᠭᠡ ᠳᠤ᠂ ᠡᠯ᠎ᠡ ᠱᠠᠲᠤᠨ ᠤ ᠤᠢ ᠰᠢᠭᠤᠢ ᠶᠢᠨ ᠠᠬᠠᠯᠠᠭᠴᠢ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠴᠢᠩᠭ᠎ᠠ ᠠᠳᠬᠤᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ᠂ ᠤᠢ ᠰᠢᠭᠤᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠶᠢᠨ  ᠠᠬᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠬᠡᠷᠡᠭᠲᠡᠢ᠃ ᠬᠤᠶᠠᠷ ᠲᠤ᠂ ᠤᠢ ᠰᠢᠭᠤᠢ ᠶᠢᠨ ᠲᠠᠯᠠᠪᠠᠢ ᠶᠢᠨ ᠲᠣᠭᠤᠷᠢᠨ ᠬᠠᠮᠠᠭᠠᠯᠠᠭᠴᠢ ᠶᠢᠨ ᠠᠭᠤᠯᠠ ᠶᠢ ᠲᠣᠭᠤᠷᠢᠨ ᠪᠠᠶᠢᠴᠠᠭᠠᠵᠤ ᠤᠢ ᠰᠢᠭᠤᠢ ᠶᠢ ᠬᠠᠮᠠᠭᠠᠯᠠᠬᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠠᠶᠢᠩᠭᠤᠵᠢᠭᠰᠠᠨ᠂ ᠤᠯᠠᠨ ᠲᠡᠰ ᠳᠠᠪᠬᠤᠷᠭ᠎ᠠ᠂ ᠥᠨᠳᠥᠷ ᠳᠠᠪᠲᠠᠮᠵᠢ ᠲᠠᠢ ᠪᠠᠶᠢᠬᠤ ᠶᠢ ᠪᠠᠷᠢᠮᠲᠠᠯᠠᠵᠤ᠂ ᠡᠭᠦᠷᠭᠡ ᠪᠠ ᠵᠣᠷᠢᠯᠭ᠎ᠠ ᠲᠠᠢ ᠪᠠᠷ ᠠᠭᠤᠯᠠ ᠶᠢ ᠲᠣᠭᠤᠷᠢᠨ ᠪᠠᠶᠢᠴᠠᠭᠠᠵᠤ ᠤᠢ ᠰᠢᠭᠤᠢ ᠶᠢ ᠬᠠᠮᠠᠭᠠᠯᠠᠬᠤ ᠬᠡᠷᠡᠭᠲᠡᠢ᠃ ᠭᠤᠷᠪᠠ ᠳᠤ᠂ ︽ᠤᠢ ᠰᠢᠭᠤᠢ ᠶᠢᠨ ᠠᠬᠠᠯᠠᠭᠴᠢ + ᠠᠵᠤ ᠦᠢᠯᠡᠰ ᠤᠨ ᠬᠥᠭᠵᠢᠯᠲᠡ︾  ᠶᠢᠨ ᠠᠵᠢᠯ ᠤᠨ ᠰᠢᠰᠲ᠋ᠧᠮ ᠢᠶᠠᠷ ᠰᠢᠵᠢᠮ ᠪᠣᠯᠭᠠᠵᠤ᠂ ᠤᠢ ᠰᠢᠭᠤᠢ ᠡᠪᠡᠰᠦᠨ ᠤ ᠠᠵᠤ ᠦᠢᠯᠡᠰ ᠤᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠣᠶᠢᠯᠠᠭᠠᠵᠤ᠂ ᠤᠳᠤ ᠪᠠᠶᠢᠭ᠎ᠠ ᠤᠢ ᠰᠢᠭᠤᠢ ᠶᠢᠨ ᠠᠮᠢ ᠠᠬᠤᠢ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠤᠢ ᠰᠢᠭᠤᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠶᠢᠨ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠬᠤ ᠬᠡᠷᠡᠭᠲᠡᠢ᠃ ᠳᠥᠷᠪᠡ ᠳᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷᠡᠩᠭᠦᠢ ᠥᠷᠨᠢᠭᠦᠯᠵᠦ᠂ ᠤᠯᠠᠨ ᠲᠦᠮᠡᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠮᠰᠠᠷ ᠢ ᠦᠨᠡᠨᠬᠦ ᠴᠢᠩᠭᠠᠳᠬᠠᠵᠤ᠂ ᠭᠠᠯ ᠠᠪᠴᠤ ᠠᠭᠤᠯᠠᠨ ᠳᠤ ᠣᠷᠣᠵᠤ ᠤᠢ ᠰᠢᠭᠤᠢ ᠳᠤ ᠣᠷᠣᠬᠤ ᠶᠢ ᠬᠤᠷᠢᠭᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠵᠦ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠲᠦᠮᠵᠢᠲᠡᠢ ᠬᠠᠮᠠᠭᠠᠯᠠᠬᠤ ᠶᠢ ᠪᠠᠲᠤᠯᠠᠬᠤ ᠬᠡᠷᠡᠭᠲᠡᠢ ᠭᠡᠪᠡ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠬᠢᠨ ᠣᠶ ᠰᠢᠭᠤᠢ ᠶᠢᠨ ᠠᠬᠠᠯᠠᠭᠴᠢ ᠶᠢᠨ ᠳᠦᠷᠢᠮ ᠤᠨ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠳᠦᠷ ᠲᠤᠲᠤᠮ ᠤᠨ ᠣᠶ ᠰᠢᠭᠤᠢ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠲᠤᠨᠢ ᠲᠣᠬᠢᠷᠠᠭᠤᠯᠤᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠶ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号