ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳ᠋ᠤ᠋‌ᠢᠷᠡᠵᠦ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/12/25
    2023 ᠣᠨ ᠤ 12 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠨᠥᠬᠦᠳ ᠤᠨ ᠪᠠᠷ᠎ᠠ ᠪᠣᠯᠣᠯᠭ᠎ᠠ ᠳᠣᠣᠷ᠎ᠠ᠂ ᠮᠠᠨ ᠤ ᠬᠤᠰᠢᠭᠤᠨ ᠳᠤ ᠢᠷᠡᠵᠦ ᠭᠤᠣᠯᠳᠠᠭᠤ ᠳᠣᠣᠷᠠᠬᠢ ᠬᠡᠳᠦᠨ ᠵᠦᠢᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠄ ᠨᠢᠭᠡ ᠳᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠮᠡᠳᠡᠬᠦ ᠠᠰᠠᠭᠤᠳᠠᠯ ᠵᠢᠴᠢ ᠮᠠᠰᠢᠨ ᠪᠠᠭᠠᠵᠢ ᠶᠢᠨ ᠲᠠᠯ᠎ᠠ ᠪᠠᠷ ᠥᠪᠡᠷ ᠢᠶᠠᠨ ᠪᠠᠶᠢᠴᠠᠭᠠᠯᠲᠠ ᠬᠢᠬᠦ ᠠᠵᠢᠯ ᠢ ᠥᠷᠨᠢᠭᠦᠯᠦᠭᠰᠡᠨ ᠪᠠᠶᠢᠳᠠᠯ︔ ᠬᠤᠶᠠᠷ ᠲᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠢᠨᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ᠄ ᠲᠠᠷᠢᠶᠠᠯᠠᠩ ᠤᠨ ᠮᠠᠰᠢᠨ ᠬᠤᠳᠠᠯᠳᠤᠨ ᠠᠪᠤᠭᠰᠠᠨ ᠪᠠ ᠬᠡᠷᠡᠭᠯᠡᠭᠰᠡᠨ ᠨᠥᠬᠦᠪᠦᠷᠢ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠵᠡᠷᠭᠡ ᠭᠤᠷᠪᠠᠨ ᠵᠦᠢᠯ ᠤᠨ ᠪᠡᠯᠡ ᠮᠥᠩᠭᠦ ᠶᠢ ᠰᠣᠯᠢᠵᠤ ᠥᠭᠭᠦᠭᠰᠡᠨ ᠪᠠᠶᠢᠳᠠᠯ︔ ᠭᠤᠷᠪᠠ ᠳᠤ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ᠃ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠬᠤᠯᠪᠣᠭᠳᠠᠯ ᠪᠦᠬᠦᠢ ᠠᠵᠢᠯ ᠥᠷᠨᠢᠭᠦᠯᠵᠦ ᠪᠠᠶᠢᠭ᠎ᠠ ᠠᠵᠢᠯᠲᠠᠳ ᠲᠠᠢ ᠶᠠᠷᠢᠯᠴᠠᠵᠤ᠂ ᠳᠡᠭᠡᠷᠡᠬᠢ ᠭᠤᠷᠪᠠᠨ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠣᠳᠠᠲᠠᠢ ᠪᠠᠶᠢᠳᠠᠯ ᠪᠣᠯᠣᠨ ᠬᠤᠶᠢᠰᠢᠳᠠ ᠶᠢᠨ ᠠᠵᠢᠯ ᠤᠨ ᠳᠤᠮᠳᠠᠬᠢ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠤᠨ ᠲᠤᠬᠠᠢ ᠬᠤᠯᠪᠣᠭᠳᠠᠯ ᠪᠦᠬᠦᠢ ᠰᠠᠨᠠᠯ ᠪᠣᠯᠣᠨ ᠰᠠᠨᠠᠭᠤᠯᠭ᠎ᠠ ᠶᠢ ᠣᠶᠢᠯᠠᠭᠠᠪᠠ᠃ ᠳᠠᠷᠠᠭ᠎ᠠ ᠳᠤᠨᠢ ᠬᠤᠰᠢᠭᠤᠨ ᠤ ᠲᠠᠷᠢᠶᠠᠯᠠᠩ ᠤᠨ ᠮᠠᠰᠢᠨ ᠤ ᠬᠢᠨᠠᠨ  ᠬᠠᠮᠢᠶᠠᠷᠬᠤ ᠦᠨᠡᠮᠯᠡᠯ ᠠᠪᠬᠤ ᠶᠡᠭᠡ ᠲᠢᠩᠬᠢᠮ ᠵᠢᠴᠢ ᠴᠠᠩ ᠹᠠ᠂ ᠱᠤᠸᠠᠩ ᠯᠢ 2 ᠲᠠᠷᠢᠶᠠᠯᠠᠩ ᠤᠨ ᠮᠠᠰᠢᠨ ᠤ ᠬᠤᠷᠰᠢᠶ᠎ᠠ ᠳᠤ ᠭᠦᠨᠵᠡᠭᠡᠶᠢᠷᠡᠨ ᠠᠬᠤᠢ ᠲᠠᠯᠠᠪᠠᠢ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠨᠥᠬᠦᠪᠦᠷᠢ ᠶᠢᠨ ᠮᠠᠰᠢᠨ ᠪᠠᠭᠠᠵᠢ ᠳᠤ ᠬᠢᠨᠠᠨ ᠪᠠᠶᠢᠴᠠᠭᠠᠯᠲᠠ ᠬᠢᠪᠡ᠃ ᠶᠠᠷᠢᠯᠴᠠᠨ ᠰᠣᠯᠢᠯᠴᠠᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠪᠠᠷ ᠳᠡᠮᠵᠢᠨ᠂ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠤᠨ ᠥᠷᠨᠢᠯᠲᠡ ᠶᠢ ᠳᠡᠭᠡᠳᠦ
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号