ᠪᠥᠬᠦ ᠬᠤᠰᠢᠭᠤᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠢ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/12/25
ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠡᠯ᠎ᠡ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠵᠢᠴᠢ ᠡᠯ᠎ᠡ ᠠᠷᠠᠳ ᠤᠨ ᠪᠦᠯᠬᠦᠮ᠂ ᠵᠠᠷᠣᠳ ᠲᠤ ᠰᠠᠭᠤᠭ᠎ᠠ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠡ ᠳᠤ᠄     ︽2023 ᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠲᠥᠩᠯᠢᠶᠦᠦ ᠵᠠᠰᠠᠭ ᠠᠯᠪᠠᠨ ᠲᠠᠷᠬᠠᠭᠠᠭᠰᠠᠨ ﹇2023﹈ 38 ᠳ᠋ᠤᠭᠠᠷ ᠲᠣᠭᠠᠲᠤ ︶ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠵᠠᠷᠣᠳ ᠵᠠᠰᠠᠭ ᠠᠯᠪᠠᠨ ᠥᠰᠥᠭ ﹇2023﹈ 50 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠮᠠᠨ ᠤ ᠬᠤᠰᠢᠭᠤᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠤᠨ ᠲᠢᠭᠯᠡᠪᠡ᠂ ᠡᠳᠦᠭᠡ ᠢᠯᠭᠠᠷᠠᠭᠤᠯᠤᠨ ᠳᠢᠭᠯᠡᠭᠰᠡᠨ ᠦᠷ᠎ᠡ ᠳ᠋ᠦᠩ ᠢ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠨ᠂ ᠬᠦᠴᠦᠨ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠲᠤ ᠪᠠᠶᠢᠬᠤ ᠦᠭᠡᠢ ᠪᠢᠴᠢᠭ ᠮᠠᠲ᠋ᠧᠷᠢᠶᠠᠯ ᠢ ᠦᠷᠭᠦᠯᠵᠢᠯᠡᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃        ᠳᠠᠭᠠᠯᠳᠤᠭᠤᠯᠤᠯ᠄       1.ᠦᠷᠭᠦᠯᠵᠢᠯᠡᠨ ᠬᠦᠴᠦᠨ ᠲᠠᠢ ᠪᠠᠶᠢᠬᠤ ᠵᠢᠷᠤᠮᠵᠢᠯ  ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ︵25 ᠵᠦᠢᠯ︶        2. ᠬᠦᠴᠦᠨ ᠦᠭᠡᠢ ᠪᠣᠯᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ︵10 ᠵᠦᠢᠯ︶        3. ᠬᠦᠴᠦᠨ ᠦᠭᠡᠢ ᠪᠣᠯᠤᠭᠰᠠᠨ ᠢ ᠨᠡᠶᠢᠲᠡᠯᠡᠭᠰᠡᠨ ᠵᠢᠷᠤᠮᠵᠢᠯ  ᠤᠨ ᠴᠢᠨᠠᠷᠲᠠᠢ ᠪᠢᠴᠢᠭ  ᠮᠠᠲ᠋ᠧᠷᠢᠶᠠᠯ ᠤᠨ ᠭᠠᠷᠴᠠᠭ ︵2 ᠵᠦᠢᠯ︶        4. ᠰᠢᠨ᠎ᠡ ᠪᠠᠷ ᠲᠣᠭᠲᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ  ᠮᠠᠲ᠋ᠧᠷᠢᠶᠠᠯ ᠤᠨ ᠭᠠᠷᠴᠠᠭ ︵4 ᠵᠦᠢᠯ︶                        ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ                        2023 ᠣᠨ ᠤ 10 ᠰᠠᠷ᠎ᠠ ᠶᠢᠨ 27 ᠤ ᠡᠳᠦᠷ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号