ᠣᠶᠢᠷ᠎ᠠ ᠳᠤ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠠᠶᠤᠯᠭᠦᠢ ᠦᠢᠯᠡᠳᠪᠦᠷᠢᠯᠡᠯ ᠤᠨ ᠠᠵᠢᠯ ᠢ | ᠪᠠᠶᠢᠴᠠᠭᠠᠪᠠ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃ | | | | | ᠳ᠋ᠢᠩ ᡁᠢ ᠭᠠᠩ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠬᠠᠨ ᠶᠡᠭᠡ ᠠᠷᠢᠬᠢᠨ ᠪᠠᠭᠤᠳᠠᠯ᠂ ᠢᠯᠢ | ᠬᠡᠳᠦ ᠳᠡᠯᠭᠡᠭᠦᠷ᠂ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠬᠤᠩ ᠹᠠ ᠮᠢᠬᠠᠨ ᠤ ᠦᠢᠯᠡᠰ᠂ ᠠᠶᠠᠨᠴᠢᠳ ᠤᠨ | ᠥᠷᠲᠡᠭᠡ ᠵᠡᠷᠭᠡ ᠭᠠᠵᠠᠷ ᠲᠤ ᠬᠦᠷᠴᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ᠂ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ ᠲᠠᠪᠴᠠᠩ ᠢ ᠪᠠᠶᠢᠴᠠᠭᠠᠨ ᠦᠵᠡᠬᠦ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠤ | ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ᠡᠯ᠎ᠡ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ | ᠰᠢᠲᠠᠮᠠᠬᠠᠢ ᠬᠡᠢ ᠶᠢᠨ ᠠᠮᠤᠷ ᠲᠦᠪᠰᠢᠨ᠂ ᠲᠠᠸᠠᠷ ᠤᠨ ᠶᠠᠰᠤ ᠴᠢᠨᠠᠷ᠂ ᠢᠳᠡᠭᠡᠨ ᠡᠳ᠋ᠰᠢᠬᠦᠯᠬᠦ᠂ ᠵᠠᠮ ᠬᠠᠷᠢᠯᠴᠠᠭ᠎ᠠ | ᠲᠡᠭᠡᠭᠡᠪᠦᠷᠢ ᠵᠡᠷᠭᠡ ᠪᠠᠶᠢᠳᠠᠯ ᠢ ᠨᠠᠷᠢᠨ ᠤᠶᠢᠯᠭᠠᠪᠠ᠃ | | | | | ᠳ᠋ᠢᠩ ᡁᠢ ᠭᠠᠩ ᠵᠢᠭᠠᠪᠤᠷᠢᠯᠠᠭᠰᠠᠨ ᠨᠢ᠂ ᠰᠢᠨ᠎ᠡ ᠵᠢᠯ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ | ᠪᠣᠯᠬᠤᠷ ᠠᠶᠤᠯᠭᠦᠢ ᠦᠢᠯᠡᠳᠪᠦᠷᠢᠯᠡᠯ ᠢ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠂ ᠥᠴᠥᠬᠡᠨ ᠴᠦ ᠬᠠᠰᠢ | ᠶᠠᠰᠢ ᠪᠠᠶᠢᠵᠤ ᠪᠣᠯᠬᠤ ᠦᠭᠡᠢ᠂ ᠴᠠᠯᠠᠭᠠᠶᠢᠳᠠᠵᠤ ᠪᠣᠯᠬᠤ ᠦᠭᠡᠢ᠃ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ | ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ | ᠬᠠᠷᠢᠭᠤᠴᠠᠯᠭᠠᠲᠤ ᠰᠡᠳᠬᠢᠯᠭᠡ ᠪᠠᠷ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠬᠤᠯᠠ ᠶᠡᠭᠡ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ ᠭᠡᠪᠡ᠃ | | | | | ᠳ᠋ᠢᠩ ᡁᠢ ᠭᠠᠩ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠢᠮᠠᠭᠲᠠ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠬᠦᠭᠵᠢᠭᠦᠯᠬᠦ ᠰᠡᠳᠬᠢᠬᠦᠢ | ᠪᠣᠯᠣᠨ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠠᠮᠤᠷ ᠲᠦᠪᠰᠢᠨ ᠤ ᠡᠨᠡᠬᠦ ᠬᠥᠪᠴᠢ ᠶᠢ ᠴᠠᠭ | ᠢᠮᠠᠭᠲᠠ ᠴᠢᠩᠭᠠᠯᠠᠬᠤ ᠬᠡᠷᠡᠭᠲᠡᠢ᠃ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠠᠮᠤᠷ | ᠲᠦᠪᠰᠢᠨ ᠤ ᠬᠠᠷᠢᠭᠤᠴᠠᠯᠭ᠎ᠠ ᠶᠢ ᠦᠢᠯᠡᠳᠪᠦᠷᠢᠯᠡᠯ ᠤᠨ ᠪᠦᠬᠦ ᠶᠠᠪᠤᠴᠠ᠂ ᠡᠯ᠎ᠡ ᠭᠤᠭᠴᠤᠭ᠎ᠠ ᠳᠤ | ᠨᠠᠶᠢᠳᠠᠪᠤᠷᠢᠵᠢᠭᠤᠯᠵᠤ᠂ ᠪᠣᠳᠠᠲᠠᠢ ᠠᠵᠢᠯ ᠤᠨ ᠪᠠᠶᠢᠷᠢ᠂ ᠪᠣᠳᠠᠲᠠᠢ ᠬᠥᠮᠥᠨ ᠳᠤ ᠨᠠᠶᠢᠳᠠᠪᠤᠷᠢᠵᠢᠭᠤᠯᠵᠤ᠂ ᠠᠵᠢᠯ | ᠨᠢᠭᠡᠪᠦᠷᠢ᠂ ᠭᠤᠭᠴᠤᠭ᠎ᠠ ᠨᠢᠭᠡᠪᠦᠷᠢ ᠳᠤ ᠴᠥᠮ ᠠᠳᠬᠤᠬᠤ ᠬᠥᠮᠥᠨ ᠲᠠᠢ᠂ ᠠᠩᠬᠠᠷᠬᠤ ᠬᠥᠮᠥᠨ ᠲᠠᠢ᠂ ᠬᠠᠮᠢᠶᠠᠷᠬᠤ | ᠬᠥᠮᠥᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠴᠢᠩᠭᠠᠳᠬᠠᠵᠤ᠂ ᠬᠠᠮᠢᠶ᠎ᠠ ᠪᠦᠬᠦᠢ ᠵᠢᠷᠤᠮᠵᠢᠯ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠠᠮᠤᠷ ᠲᠦᠪᠰᠢᠨ ᠤ ᠬᠡᠮ | ᠰᠣᠭᠤᠭ ᠢ ᠨᠢᠭᠡ ᠨᠢᠭᠡ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠲᠡᠷᠡ ᠳᠠᠷᠤᠢ ᠳᠤᠨᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠡᠮ ᠰᠣᠭᠤᠭ ᠢ ᠦᠨᠡᠨᠬᠦ ᠬᠤᠷᠢᠭᠯᠠᠵᠤ᠂ | ᠠᠮᠤᠷ ᠲᠦᠪᠰᠢᠨ ᠤ ᠠᠳᠡᠯ ᠢ ᠴᠤᠬᠤᠶᠢᠬᠤ ᠦᠶ᠎ᠡ ᠳᠤᠨᠢ ᠦᠨᠡᠨᠬᠦ ᠤᠰᠠᠳᠬᠠᠬᠤ ᠬᠡᠷᠡᠭᠲᠡᠢ ᠭᠡᠵᠦ ᠴᠢᠩᠭᠠᠳᠬᠠᠪᠠ᠃ | |