ᠣᠶᠢᠷ᠎ᠠ ᠶᠢᠨ ᠡᠳᠦᠷ ᠤᠳ ᠲᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠨ | ᠪᠣᠯᠪᠠᠰᠤᠷᠠᠭᠤᠯᠤᠯ ᠤᠨ ᠬᠤᠷᠠᠯ ᠬᠢᠬᠦ ᠪᠠᠷ ᠲᠠᠮᠵᠢᠭᠤᠯᠤᠨ᠂ ᠠᠵᠢᠯᠳᠠᠨ ᠢᠶᠠᠨ ᠵᠣᠬᠢᠶᠠᠨ ᠪᠠᠶᠢᠭᠤᠯᠤᠨ ᠭᠠᠵᠠᠷ ᠬᠡᠰᠡᠭ ᠢ | ᠬᠢᠨᠠᠨ ᠪᠠᠶᠢᠴᠠᠭᠠᠬᠤ᠂ ᠭᠠᠵᠠᠷ ᠰᠢᠷᠣᠢ ᠶᠢᠨ ᠲᠥᠷᠥᠯ ᠢ ᠬᠠᠷᠭᠤᠭᠤᠯᠬᠤ᠂ ᠤᠰᠤᠨ ᠤ ᠡᠬᠢ ᠪᠠᠶᠠᠯᠢᠭ ᠢ ᠪᠠᠶᠢᠴᠠᠭᠠᠬᠤ᠂ | ᠬᠤᠳᠳᠤᠭ ᠢ ᠰᠢᠨᠡᠳᠬᠡᠵᠦ ᠬᠠᠶᠢᠨ ᠪᠠᠶᠢᠴᠠᠭᠠᠬᠤ ᠵᠡᠷᠭᠡ ᠠᠵᠢᠯ ᠥᠷᠨᠢᠭᠦᠯᠵᠦ᠂ 2024 ᠣᠨ ᠤ ᠬᠠᠪᠤᠷ ᠤᠨ | ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ 2024 ᠣᠨ ᠤ | ᠲᠥᠷᠥᠯ ᠵᠦᠢᠯ ᠤᠨ ᠬᠠᠪᠤᠷ ᠤᠨ ᠤᠯᠠᠷᠢᠯ ᠤᠨ ᠠᠵᠢᠯ ᠡᠬᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ ᠣᠲᠣ | ᠪᠣᠯᠲᠠᠯ᠎ᠠ᠂ 8 ᠰᠤᠮᠤ ᠪᠠᠯᠭᠠᠰᠤ ᠶᠢᠨ 17 ᠭᠠᠴᠠᠭ᠎ᠠ ᠲᠣᠰᠬᠤᠨ ᠤ 12.12 ᠲᠦᠮᠡᠨ ᠮᠦ ᠶᠢᠨ ᠲᠥᠷᠥᠯ ᠵᠦᠢᠯ ᠤᠨ | ᠲᠣᠭᠤᠷᠢᠭ ᠲᠤ ᠬᠤᠯᠪᠣᠭᠳᠠᠭᠰᠠᠨ ᠠᠩᠬ᠎ᠠ ᠠᠯᠬᠤᠮ ᠤᠨ ᠬᠠᠶᠢᠨ ᠪᠠᠶᠢᠴᠠᠭᠠᠬᠤ ᠠᠵᠢᠯ ᠢ ᠨᠢᠭᠡᠨᠲᠡ ᠪᠡᠶᠡᠯᠡᠭᠦᠯᠵᠦ᠂ | ᠠᠩᠬ᠎ᠠ ᠠᠯᠬᠤᠮ ᠵᠢᠷᠤᠭ ᠲᠥᠯᠥᠪᠯᠡᠭᠡ ᠶᠢᠨ ᠲᠥᠰᠥᠯ ᠵᠢᠴᠢ ᠲᠣᠶᠢᠮᠣ ᠲᠥᠰᠥᠪ ᠢ ᠨᠠᠶᠢᠷᠠᠭᠤᠯᠤᠨ ᠵᠣᠬᠢᠶᠠᠬᠤ | ᠠᠵᠢᠯ ᠢ ᠶᠠᠭ ᠡᠮᠬᠢ ᠵᠢᠷᠤᠮ ᠲᠠᠢ ᠶᠠᠪᠤᠭᠳᠠᠭᠤᠯᠵᠤ ᠪᠠᠶᠢᠨ᠎ᠠ᠃ | | | |