ᠼᠤᠤ ᠶᠢᠨ ᠱᠠᠨ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/12/27
      12 ᠰᠠᠷ᠎ᠠ ᠶᠢᠨ 26  ᠤ ᠡᠳᠦᠷ᠂ ᠬᠤᠳᠠ ᠶᠢᠨ ᠳᠡᠳ᠋ ᠳᠠᠷᠤᠭ᠎ᠠ ᠼᠤᠤ ᠶᠢᠨ ᠱᠠᠨ ᠵᠠᠷᠤᠳ ᠬᠤᠰᠢᠭᠤᠨ ᠳᠤ ᠢᠷᠡᠵᠦ ᠠᠶᠤᠯᠭᠦᠢ ᠦᠢᠯᠡᠳᠪᠦᠷᠢᠯᠡᠯ ᠪᠣᠯᠣᠨ ᠳᠠᠭᠠᠭᠠᠴᠢᠯᠠᠨ ᠬᠤᠯᠪᠣᠭᠠᠯᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠶᠢᠨ ᠬᠠᠮᠲᠤ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ  ᠣᠷᠣᠯᠴᠠᠪᠠ᠃ ᠬᠤᠲᠠ᠂ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠨᠢᠭᠡᠴᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠶᠡᠷᠦᠩᠬᠡᠢ ᠪᠠᠶᠢᠳᠠᠯ ᠪᠠ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠰᠣᠨᠣᠰᠪᠠ︔ ᠬᠤᠯᠪᠣᠭᠳᠠᠯ ᠪᠦᠬᠦᠢ ᠨᠢᠭᠡᠴᠡ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠤᠨ ᠲᠤᠬᠠᠢ ᠲᠣᠪᠴᠢ ᠬᠠᠷᠢᠭᠤ ᠮᠡᠳᠡᠭᠦᠯᠦᠯᠲᠡ ᠬᠢᠪᠡ᠃     ᠼᠤᠤ ᠶᠢᠨ ᠱᠠᠨ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠡᠷᠡᠭᠦᠯᠦᠭᠰᠡᠨ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠤᠬᠠᠮᠰᠠᠷ ᠢᠶᠠᠨ ᠣᠯᠠᠮ ᠨᠢᠭᠡ ᠠᠯᠬᠤᠮ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭ᠎ᠠ ᠪᠥᠭᠡᠳ ᠨᠠᠷᠢᠯᠢᠭ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠡᠮ ᠡᠮᠨᠡᠯᠭᠡ᠂ ᠭᠠᠯ ᠤᠨᠲᠠᠷᠠᠭᠠᠬᠤ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠠᠶᠤᠯᠲᠠᠢ ᠬᠢᠮᠢ ᠶᠢᠨ ᠪᠣᠳᠠᠰ ᠵᠡᠷᠭᠡ ᠡᠯ᠎ᠡ ᠲᠦᠷᠦᠯ ᠤᠨ ᠬᠦᠷᠢᠶ᠎ᠡ ᠴᠠᠷ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠭᠠᠯ ᠴᠠᠬᠢᠯᠭᠠᠨ ᠬᠡᠷᠡᠭᠯᠡᠬᠦ ᠶᠢᠨ ᠠᠮᠤᠷ ᠲᠦᠪᠰᠢᠨ ᠢ ᠴᠢᠩᠭ᠎ᠠ ᠰᠠᠬᠢᠵᠤ᠂ ᠠᠵᠢᠯᠴᠢᠳ ᠤᠨ ᠠᠵᠢᠯ ᠤᠨ ᠪᠠᠶᠢᠷᠢ ᠳᠤ ᠭᠠᠷᠬᠤ ᠪᠣᠯᠪᠠᠰᠤᠷᠠᠯ ᠪᠣᠯᠣᠨ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠵᠢᠷᠤᠮᠵᠢᠯ ᠤᠨ ᠲᠡᠰ ᠳᠠᠷᠠᠭᠠᠯᠠᠯ ᠢᠶᠠᠷ ᠠᠵᠢᠯ ᠢᠶᠠᠨ ᠬᠢᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠪᠡ᠃     ᠼᠤᠤ ᠶᠢᠨ ᠱᠠᠨ ᠱᠠᠭᠠᠷᠳᠠᠭᠰᠠᠨ ᠨᠢ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠨᠠᠷᠢᠨ ᠪᠤᠳᠤᠯᠢᠶᠠᠨᠲᠠᠢ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠲᠤ ᠴᠢᠭᠯᠡᠭᠦᠯᠦᠨ᠂ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠢ ᠰᠠᠨᠠᠭᠠᠴᠢᠯᠠᠭ᠎ᠠ ᠠᠴᠠ ᠪᠠᠨ ᠵᠢᠯᠤᠭᠤᠳᠴᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠲᠤ ᠨᠠᠷᠢᠨ ᠬᠢᠨᠠᠮᠠᠭᠠᠢ ᠰᠤᠳᠤᠯᠤᠯᠲᠠ ᠬᠢᠵᠦ᠂ ᠬᠡᠮ ᠰᠣᠭᠤᠭ ᠢ ᠨᠢ ᠣᠨᠣᠪᠴᠢᠲᠠᠶ ᠡᠷᠢᠨ ᠣᠯᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠩᠬᠠᠷᠴᠤ᠂ ᠠᠷᠭ᠎ᠠ ᠬᠡᠯᠪᠡᠷᠢ ᠪᠠᠨ ᠲᠡᠭᠦᠯᠳᠡᠷᠵᠢᠭᠦᠯᠬᠦ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠲᠣᠭᠲᠠᠴᠠ ᠶᠢ ᠰᠠᠶᠢᠲᠤᠷ ᠬᠡᠷᠡᠭᠯᠡᠵᠦ᠂ ᠭᠦᠢᠴᠡᠳ ᠠᠰᠢᠭᠯᠠᠵᠤ᠂ ᠬᠠᠤᠯᠢᠵᠢᠯ ᠤᠨ ᠰᠡᠳᠬᠢᠬᠦᠢ᠂ ᠬᠠᠤᠯᠢᠵᠢᠯ ᠤᠨ ᠠᠷᠭ᠎ᠠ ᠬᠡᠯᠪᠡᠷᠢ ᠶᠢ ᠬᠡᠷᠡᠭᠯᠡᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠵᠢᠯ ᠤᠨ ᠲᠠᠯ᠎ᠠ ᠪᠠᠷ ᠬᠤᠯᠪᠣᠭᠠᠯᠠᠨ ᠬᠦᠲᠡᠯᠦᠯᠴᠡᠬᠦ᠂ ᠮᠡᠳᠡᠭᠡ ᠵᠠᠩᠭᠢ ᠶᠢ ᠬᠤᠯᠪᠣᠭᠠᠯᠠᠨ ᠨᠡᠪᠲᠡᠷᠡᠯᠴᠡᠬᠦ᠂ ᠠᠰᠠᠭᠤᠳᠠᠯ ᠢ ᠬᠤᠯᠪᠣᠭᠠᠯᠠᠨ ᠰᠢᠢᠳᠪᠦᠷᠢᠯᠡᠬᠦ ᠶᠢ ᠦᠷᠭᠦᠯᠵᠢᠯᠡᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠨᠡᠪᠲᠡᠷᠡᠭᠰᠡᠨ᠂ ᠬᠡᠰᠡᠭ ᠪᠦᠯᠦᠭ ᠬᠠᠮᠵᠢᠯᠴᠠᠭᠰᠠᠨ᠂ ᠡᠬᠢ ᠡᠭᠦᠰᠦᠯ ᠠᠴᠠ ᠨᠢ ᠵᠠᠰᠠᠭᠰᠠᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠪᠡ᠃     ᠪᠦᠦ ᠸᠧᠨ ᠯᠠᠨ ᠢᠯᠡᠷᠬᠡᠶᠢᠯᠡᠭᠰᠡᠨ ᠨᠢ᠂ ᠵᠠᠷᠤᠳ ᠬᠤᠰᠢᠭᠤᠨ ᠤ ᠬᠢᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠪᠣᠳᠠᠲᠠᠢ ᠪᠥᠭᠡᠳ ᠨᠠᠷᠢᠨ ᠠᠳᠬᠤᠵᠤ᠂ ᠬᠥᠭᠵᠢᠯᠲᠡ ᠪᠠ ᠠᠮᠤᠷ ᠲᠦᠪᠰᠢᠨ ᠤ ᠠᠵᠢᠯ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠠᠶᠤᠯᠭᠦᠢ ᠦᠢᠯᠡᠳᠪᠦᠷᠢᠯᠡᠯ ᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠢᠲᠠᠯ ᠪᠠ ᠬᠤᠷᠢᠭ᠎ᠠ ᠱᠤᠭᠤᠮ ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠶᠡᠭᠡ ᠡᠷᠴᠢᠮ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠲᠣᠣᠷ ᠢ ᠨᠢᠭᠲᠠ ᠪᠥᠭᠡᠳ ᠪᠠᠲᠤ ᠪᠠᠬᠢ ᠰᠦᠯᠵᠢᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠥᠨᠳᠥᠷᠴᠡ ᠳᠤ ᠵᠣᠭᠰᠣᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠯ᠎ᠡ ᠲᠥᠷᠥᠯ ᠤᠨ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ᠂ ᠰᠡᠷᠭᠡᠶᠢᠯᠡᠬᠦ᠂ ᠠᠷᠢᠯᠭᠠᠬᠤ ᠦᠵᠡᠯ ᠰᠠᠨᠠᠭᠠᠨ ᠤ ᠪᠡᠯᠡᠳᠬᠡᠯ ᠪᠠ ᠠᠵᠢᠯ ᠤᠨ ᠪᠡᠯᠡᠳᠬᠡᠯ ᠢ ᠦᠨᠡᠨᠬᠦ ᠰᠠᠶᠢᠲᠤᠷ ᠬᠢᠵᠦ᠂ ᠬᠠᠮᠤᠭ ᠤᠨ ᠴᠢᠩᠭ᠎ᠠ ᠬᠠᠷᠢᠭᠤᠴᠠᠯᠭ᠎ᠠ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠣᠯᠠᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号