ᠵᠠᠷᠤᠳ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠬᠠᠤᠯᠢ ᠪᠠᠷ ᠵᠠᠰᠠᠬᠤ ᠳᠡᠳ᠋ ᠵᠠᠬᠢᠷᠤᠯ ᠠᠴᠠ ︽ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/28
        ᠨᠠᠰᠤᠨ ᠳᠤ ᠥᠯᠥ ᠬᠦᠷᠦᠭᠰᠡᠳ ᠤᠨ ᠰᠡᠷᠭᠡᠶᠢᠯᠡᠬᠦ ᠤᠬᠠᠮᠰᠠᠷ ᠪᠣᠯᠣᠨ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠨᠠᠰᠤᠨ ᠳᠤ ᠥᠯᠥ ᠬᠦᠷᠦᠭᠰᠡᠳ ᠤᠨ ᠰᠦᠯᠵᠢᠶᠡᠨ ᠤ ᠠᠵᠢᠯᠯᠠᠭ᠎ᠠ ᠶᠢ ᠬᠠᠮᠠᠭᠠᠯᠠᠵᠦ᠂ ᠬᠠᠤᠯᠢ ᠪᠠᠷ ᠵᠠᠰᠠᠬᠤ ᠳᠡᠳ᠋ ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠪᠠᠶᠠᠷᠳᠤᠬᠤᠰᠢᠭᠤ ᠰᠢᠭᠦᠬᠦ ᠲᠢᠩᠬᠢᠮ᠂ ᠪᠠᠶᠠᠷᠳᠤᠬᠤᠰᠢᠭᠤ ᠬᠠᠤᠯᠢ ᠴᠠᠭᠠᠵᠠ ᠶᠢᠨ ᠭᠠᠵᠠᠷ᠂ ᠪᠠᠶᠠᠷᠳᠤᠬᠤᠰᠢᠭᠤ ᠲᠣᠮᠢᠯᠠᠭᠰᠠᠨ ᠰᠠᠯᠪᠤᠷᠢ ᠲᠠᠢ ᠬᠠᠮᠲᠤᠷᠠᠨ᠂ ᠪᠠᠶᠠᠷᠳᠤᠬᠤᠰᠢᠭᠤ ᠰᠤᠷᠭᠠᠭᠤᠯᠢ ᠳᠤ ᠬᠦᠷᠴᠤ᠂ ᠬᠠᠤᠯᠢ ᠪᠠᠷ ᠵᠠᠰᠠᠬᠤ ᠳᠡᠳ᠋ ᠵᠠᠬᠢᠷᠤᠯ  ᠠᠴᠠ ︽ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠲᠤ ︽ᠬᠠᠤᠯᠢ ᠪᠠᠷ ᠵᠠᠰᠠᠬᠤ ᠰᠢᠬᠦᠷ︾ ᠪᠤᠰᠬᠠᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠪᠠ ᠡᠯ᠎ᠡ ᠵᠦᠢᠯ ᠤᠨ ᠬᠤᠣᠷ ᠬᠥᠨᠥᠭᠡᠯ ᠢ ᠡᠰᠡᠷᠭᠦᠴᠡᠬᠦ ︽ᠬᠠᠮᠠᠭᠠᠯᠠᠯᠲᠠ ᠶᠢᠨ ᠬᠡᠷᠡᠮ︾ ᠪᠣᠰᠬᠠᠪᠠ᠃
微信图片_20231228105609.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号