ᠵᠠᠬᠠᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠡᠪᠦᠯ ᠤᠨ ᠤᠯᠠᠷᠢᠯ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/12/29
     ᠵᠡᠭᠦᠨ ᠬᠤᠶᠢᠲᠤ ᠣᠷᠣᠨ ᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠵᠠᠬᠠᠨᠠᠭᠤᠷ  ᠨᠡᠭᠦᠷᠡᠰᠦᠨ ᠤ ᠦᠢᠯᠡᠰ ᠤᠨ ᠺᠣᠮᠫᠠᠨᠢ ᠨᠡᠭᠦᠷᠡᠰᠤᠨ ᠤ ᠬᠠᠩᠭᠠᠯᠭ᠎ᠠ ᠶᠢᠨ ︽ᠲᠣᠭᠲᠠᠪᠤᠷᠢᠵᠢᠭᠤᠯᠤᠭᠴᠢ︾ ᠪᠣᠯᠣᠨ ︽ᠰᠠᠭᠤᠷᠢ ᠴᠢᠯᠠᠭᠤ︾ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠨᠡᠭᠦᠷᠡᠰᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠲᠥᠪ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ  ᠭᠦᠢᠴᠡᠳᠭᠡᠪᠡ᠃     
微信图片_20231229112221.jpg
     ᠡᠪᠦᠯ ᠣᠷᠣᠭᠰᠠᠨ ᠠᠴᠠ ᠨᠠᠰᠢ᠂ ᠬᠡᠲᠦ ᠤᠳᠠᠭᠠᠨ ᠤ ᠬᠦᠢᠲᠡᠨ ᠠᠭᠠᠷ ᠤᠨ ᠨᠥᠯᠥᠭᠡ ᠪᠠᠷ᠂ ᠮᠠᠨ ᠤ ᠤᠯᠤᠰ ᠤᠨ ᠶᠡᠬᠡᠩᠬᠢ ᠬᠡᠰᠡᠭ ᠭᠠᠵᠠᠷ ᠣᠷᠣᠨ ᠳᠤ ᠬᠠᠬᠢᠷ ᠬᠦᠢᠲᠡᠨ ᠠᠭᠤᠷ ᠠᠮᠢᠰᠬᠤᠯ ᠲᠣᠬᠢᠶᠠᠯᠳᠤᠪᠠ᠃ ᠨᠡᠭᠦᠷᠡᠰᠦᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠵᠠᠬᠠᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ︽1+2︾ ᠤᠨ 24 ᠴᠠᠭ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠳᠠᠷᠤᠶᠢᠬᠠᠨ ᠬᠡᠷᠡᠭᠵᠢᠭᠦᠯᠵᠦ᠂ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠬᠤ᠂ ᠮᠠᠰᠢᠨ ᠴᠠᠬᠢᠯᠭᠠᠨ ᠤ ᠪᠠᠲᠤᠯᠠᠭ᠎ᠠ᠂ ᠡᠳ᠋ ᠪᠣᠳᠠᠰ ᠤᠨ ᠬᠠᠩᠭᠠᠯᠭ᠎ᠠ᠂ ᠠᠵᠢᠯᠲᠠᠨ ᠤ ᠲᠣᠬᠢᠷᠠᠭᠤᠯᠤᠯᠲᠠ ᠵᠡᠷᠭᠡ ᠲᠠᠯ᠎ᠠ ᠪᠠᠷ ᠪᠦᠬᠦᠨ ᠢᠶᠠᠷ ᠢᠶᠠᠨ ︽ᠲᠠᠶᠢᠨ ᠤ ᠪᠠᠶᠢᠳᠠᠯ︾  ᠳᠤ ᠣᠷᠣᠭᠰᠠᠨ ᠪᠥᠭᠡᠳ ᠨᠠᠮ ᠤᠨ ᠭᠡᠰᠢᠭᠦᠳ ᠤᠨ ᠭᠠᠪᠰᠢᠭᠠᠢ ᠠᠩᠭᠢ ᠶᠢ ᠵᠣᠬᠢᠶᠠᠨ ᠪᠠᠶᠢᠭᠤᠯᠤᠨ ᠲᠡᠮᠦᠷ ᠵᠠᠮ ᠳᠠᠭᠠᠤ ᠶᠢᠨ ᠬᠤᠷᠠᠭᠰᠠᠨ ᠴᠠᠰᠤ ᠪᠣᠯᠣᠨ ᠬᠥᠯᠳᠡᠭᠰᠡᠨ ᠮᠥᠰᠥ ᠶᠢ ᠴᠠᠭ ᠲᠤᠬᠠᠢ ᠳᠤᠨᠢ ᠴᠡᠪᠡᠷᠯᠡᠵᠦ᠂ ᠨᠡᠭᠦᠷᠡᠰᠦ ᠴᠠᠬᠢᠯᠭᠠᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠡᠮᠬᠢ ᠵᠢᠷᠤᠮ ᠲᠠᠢ  ᠠᠬᠢᠭᠤᠯᠪᠠ᠃     
微信图片_20231229112217.jpg
     ᠵᠠᠬᠠᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠡᠰᠢᠭᠲᠦ᠄ ︽ᠣᠳᠣᠬᠠᠨ ᠳᠤ᠂ 6 ᠨᠠᠮ ᠤᠨ ᠭᠡᠰᠢᠭᠦᠨ ᠢᠶᠠᠷ ᠪᠦᠷᠢᠯᠳᠦᠭᠰᠡᠨ ᠭᠠᠪᠰᠢᠭᠠᠢ ᠠᠩᠭᠢ ᠶᠢᠨ ᠬᠢᠨ 6 ᠺᠢᠯᠤᠮᠥᠲᠷ ᠤᠨ ᠨᠡᠭᠦᠷᠡᠰᠦ ᠳᠠᠮᠵᠢᠭᠤᠯᠬᠤ ᠭᠤᠮ ᠪᠦᠰᠡ ᠲᠡᠭᠡᠷ᠎ᠡ ᠴᠠᠰᠤ ᠬᠠᠶᠢᠯᠠᠭᠠᠬᠤ ᠪᠤᠳᠠᠰ ᠰᠠᠴᠤᠵᠤ᠂ ᠬᠤᠷᠠᠭᠰᠠᠨ ᠴᠠᠰᠤ ᠶᠢ ᠴᠡᠪᠡᠷᠯᠡᠵᠦ᠂ ᠨᠡᠭᠦᠷᠡᠰᠦ ᠳᠠᠮᠵᠢᠭᠤᠯᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ ᠪᠤᠢ᠃ ᠡᠭᠦᠨ ᠤ ᠵᠡᠷᠭᠡ ᠳᠤ ᠨᠡᠭᠦᠷᠡᠰᠦ ᠳᠠᠮᠵᠢᠭᠤᠯᠬᠤ ᠰᠢᠰᠲ᠋ᠧᠮ ᠤᠨ ᠬᠤᠣᠰ ᠱᠤᠭᠤᠮ ᠢ ᠡᠭᠡᠯᠵᠢᠯᠡᠨ ᠠᠵᠢᠯᠯᠠᠭᠤᠯᠬᠤ ᠠᠷᠭ᠎ᠠ ᠮᠠᠶ᠋ᠢᠭ ᠢ ᠠᠪᠴᠤ᠂ ᠲᠥᠬᠦᠭᠡᠷᠦᠮᠵᠢ ᠶᠢ ᠲᠣᠭᠠᠯᠠᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠦᠨ᠂ ᠭᠤᠣᠯᠳᠠᠯᠭ᠎ᠠ  ᠲᠠᠢ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ᠂ ᠠᠷᠠᠴᠢᠯᠠᠨ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠴᠠᠬᠢᠯᠭᠠᠨ ᠭᠠᠷᠭᠠᠬᠤ ᠪᠠ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ  ᠢᠶᠠᠷ ᠢᠶᠠᠨ ᠰᠠᠶᠢᠲᠤᠷ ᠬᠢᠪᠡ︾ ᠭᠡᠪᠡ᠃    
微信图片_20231229112212.jpg
     ᠣᠷᠣᠨ ᠪᠦᠰᠡ ᠶᠢᠨ ᠤᠯᠠᠷᠢᠯ ᠤᠨ ᠴᠢᠨᠠᠷᠲᠠᠢ ᠨᠡᠭᠦᠷᠡᠰᠦᠨ ᠤ ᠡᠬᠢ ᠪᠠᠶᠠᠯᠢᠭ ᠵᠢᠴᠢ ᠲᠡᠭᠡᠭᠡᠪᠦᠷᠢ ᠶᠢᠨ ᠬᠦᠴᠦᠨ ᠤ ᠪᠠᠴᠢᠮ ᠪᠠᠶᠢᠳᠠᠯ ᠢ ᠦᠨᠡᠨ ᠬᠦ ᠠᠷᠭᠠᠴᠠᠭᠠᠬᠤ ᠶᠢᠨ ᠲᠥᠯᠥᠭᠡ᠂ ᠵᠡᠭᠦᠨ ᠬᠤᠶᠢᠲᠤ ᠣᠷᠣᠨ ᠤ ᠨᠡᠭᠦᠷᠡᠰᠦᠨ ᠤ ᠬᠠᠩᠭᠠᠯᠭ᠎ᠠ ᠶᠢ ᠪᠠᠳᠤᠯᠠᠪᠠ᠃ ᠮᠠᠯᠳᠠᠭᠰᠠᠨ ᠨᠡᠭᠦᠷᠡᠰᠦ ᠶᠢᠨ ᠨᠦᠭᠡᠴᠡ ᠶᠢᠨ ᠬᠡᠮᠵᠢᠶ᠎ᠡ ᠶᠢ ᠭᠦᠢᠴᠡᠳ ᠪᠠᠶᠢᠯᠭᠠᠵᠤ᠂ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ ᠶᠢ ᠪᠦᠲᠦᠮᠵᠢᠲᠡᠢ ᠪᠠᠳᠠᠷᠠᠭᠤᠯᠬᠤ ᠶᠢᠨ ᠲᠥᠯᠥᠭᠡ᠂ ᠵᠠᠬᠠᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠬᠢᠨ ᠤᠷᠢᠳᠴᠢᠯᠠᠨ ᠲᠥᠯᠥᠪᠵᠢᠭᠦᠯᠵᠦ᠂ ᠨᠡᠭᠦᠷᠡᠰᠦᠨ ᠤ ᠶᠠᠰᠤ ᠴᠢᠨᠠᠷ ᠢ ᠣᠶᠤᠨᠴᠢᠯᠠᠨ ᠵᠣᠬᠢᠴᠠᠭᠤᠯᠬᠤ᠂ ᠰᠦᠯᠵᠢᠶ᠎ᠡ ᠪᠠᠷ ᠬᠢᠨᠠᠨ ᠬᠡᠮᠵᠢᠬᠦ ᠰᠢᠰᠲ᠋ᠧᠮ ᠢ ᠣᠷᠣᠭᠤᠯᠤᠨ ᠠᠪᠴᠢᠷᠠᠵᠤ᠂ ᠨᠡᠭᠦᠷᠡᠰᠦᠨ ᠤ ᠶᠠᠰᠤ ᠴᠢᠨᠠᠷ ᠢ ᠲᠡᠰ ᠬᠤᠪᠢᠶᠠᠨ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠪᠠ ᠃ ᠡᠭᠦᠨ ᠤ ᠬᠠᠮᠲᠤ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ︽  ᠬᠠᠩᠭᠠᠬᠤ ᠨᠡᠭᠦᠷᠡᠰᠦ ᠶᠢ ᠪᠠᠲᠤᠯᠠᠬᠤ︾ ᠪᠠ ᠲᠤᠭ᠎ᠠ ᠬᠡᠮᠵᠢᠶ᠎ᠡ ᠶᠢ ᠪᠠᠲᠤᠯᠠᠨ ᠦᠨ᠎ᠡ ᠶᠢ ᠬᠢᠵᠠᠭᠠᠷᠯᠠᠬᠤ ︽ᠠᠷᠠᠳ ᠤᠨ ᠠᠮᠢᠳᠤᠷᠠᠯ ᠤᠨ ᠨᠡᠭᠦᠷᠡᠰᠦ︾ ᠶᠢ ᠪᠥᠬᠦ ᠬᠦᠴᠦᠨ ᠢᠶᠠᠷ ᠢᠶᠠᠨ ᠵᠣᠬᠢᠴᠠᠭᠤᠯᠤᠨ ᠬᠠᠮᠢᠶᠠᠷᠤᠨ ᠡᠵᠡᠮᠳᠡᠵᠦ᠂ ︽ᠬᠤᠶᠠᠷ  ᠢ ᠨᠥᠭᠡᠴᠡᠯᠡᠵᠦ ᠬᠤᠶᠠᠷ ᠢ ᠬᠥᠮᠥᠷᠭᠡᠯᠡᠬᠦ︾ ᠲᠣᠭᠲᠠᠴᠠ ᠶᠢ ᠪᠠᠳᠠᠷᠠᠭᠤᠯᠤᠨ ᠨᠡᠭᠦᠷᠡᠰᠦᠨ ᠤ ᠬᠠᠩᠭᠠᠯᠭ᠎ᠠ ᠶᠢᠨ ᠭᠦᠢᠴᠡᠳ ᠪᠠᠶᠢᠬᠤ ᠶᠢ ᠪᠠᠳᠤᠯᠠᠪᠠ᠃   
微信图片_20231229112207.jpg
    ︽ᠵᠠᠬᠠᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠬᠢᠨ ᠲᠥᠪ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠡᠷᠡᠰ ᠭᠦᠢᠴᠡᠳᠬᠡᠵᠦ᠂ ᠨᠠᠮ ᠤᠨ ᠭᠡᠰᠢᠭᠦᠨ ᠤ ᠬᠠᠩᠭᠠᠯᠭ᠎ᠠ ᠶᠢ ᠪᠠᠲᠤᠯᠠᠬᠤ ︿ᠭᠠᠪᠰᠢᠭᠠᠢ ᠠᠩᠭᠢ ﹀ ᠶᠢ ᠪᠠᠶᠢᠭᠤᠯᠤᠨ᠂ ᠰᠥᠨᠢ ᠶᠢᠨ ᠡᠭᠡᠯᠵᠢ ᠶᠢᠨ ᠪᠠᠶᠢᠴᠠᠭᠠᠨ ᠵᠠᠰᠠᠬᠤ ᠪᠠ 5G ᠰᠦᠯᠵᠢᠶ᠎ᠡ ᠪᠠᠷ ᠬᠢᠨᠠᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠥᠬᠦᠭᠡᠷᠦᠮᠵᠢ᠂ ᠭᠤᠣᠯᠳᠠᠯᠭ᠎ᠠ ᠲᠠᠢ ᠣᠷᠣᠨ ᠪᠦᠰᠡ ᠶᠢ ᠴᠠᠭ ᠲᠤᠬᠠᠢ ᠳᠤᠨᠢ ᠬᠢᠨᠠᠨ ᠡᠵᠡᠮᠳᠡᠵᠦ᠂ ︿ᠪᠠᠭ᠎ᠠ ᠳᠤᠲᠠᠭᠳᠠᠯ﹀ ᠢᠶᠠᠨ ᠴᠠᠭ ᠲᠤᠬᠠᠢ ᠳᠤᠨᠢ ᠠᠷᠢᠯᠭᠠᠵᠤ᠂ ︿ᠶᠡᠭᠡ ᠰᠠᠭᠠᠳ﹀ ᠠᠴᠠ ᠡᠷᠡᠰ ᠵᠠᠶᠢᠯᠠᠰᠬᠢᠵᠦ᠂ ᠲᠥᠬᠦᠭᠡᠷᠦᠮᠵᠢ ᠶᠢᠨ ᠠᠵᠢᠯᠯᠠᠭᠠᠨ ᠤ ᠨᠠᠶᠢᠳᠠᠪᠤᠷᠢᠲᠠᠢ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠳᠤᠯᠠᠪᠠ᠃ ᠲᠡᠷᠭᠡᠨ ᠳᠤ ᠲᠡᠭᠡᠭᠡᠬᠦ᠂ ᠵᠢᠵᠢᠭᠦᠷᠯᠡᠬᠦ ᠬᠥᠮᠥᠨ ᠦᠭᠡᠢ᠂ ᠵᠢᠶᠣᠤᠫᠢ ᠪᠦᠰᠡ ᠵᠡᠷᠭᠡ ᠲᠠᠪᠤᠨ ᠵᠦᠢᠯ ᠤᠨ ᠬᠠᠮᠠᠭᠠᠯᠠᠯᠲᠠ ᠵᠡᠷᠭᠡ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠰᠢᠭᠯᠠᠨ᠂ ᠰᠢᠰᠲ᠋ᠧᠮ ᠤᠨ ᠠᠦ᠋ᠲ᠋ᠣ᠋ ᠡᠵᠡᠮᠰᠢᠯ ᠪᠠ ᠴᠤᠪᠤᠭ᠎ᠠ ᠲᠡᠷᠭᠡ ᠶᠢ ᠦᠷᠭᠦᠯᠵᠢᠯᠡᠨ ᠬᠥᠳᠡᠯᠦᠩᠭᠦᠢ ᠪᠠᠷ ᠲᠦᠷᠭᠡᠨ ᠪᠥᠭᠡᠳ ᠣᠨᠣᠪᠴᠢᠲᠠᠶ ᠬᠡᠮᠵᠢᠶ᠎ᠡ ᠲᠠᠢ ᠪᠠᠷ ᠲᠡᠭᠡᠭᠡᠵᠦ᠂ ᠨᠡᠭᠦᠷᠡᠰᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠪᠡ︾ ᠭᠡᠵᠦ ᠬᠡᠰᠢᠭᠳᠦ ᠲᠠᠨᠢᠯᠴᠠᠭᠤᠯᠪᠠ᠃     
微信图片_20231229112156.jpg
    ᠳᠤᠯᠠᠭᠠᠯᠠᠭ᠎ᠠ ᠬᠠᠩᠭᠠᠯᠭ᠎ᠠ ᠶᠢ ᠪᠠᠲᠤᠯᠠᠬᠤ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠲᠡᠷᠡ ᠨᠢ ᠥᠷᠭᠡᠨ ᠤᠯᠠᠨ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠵᠠᠬᠠᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠳᠤᠯᠠᠭᠠᠯᠠᠭ᠎ᠠ ᠶᠢᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠯ᠎ᠡ ᠵᠦᠢᠯ ᠤᠨ ᠳᠤᠯᠠᠭᠠᠯᠠᠭ᠎ᠠ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠪᠠ᠃ ᠣᠲᠣ ᠪᠣᠯᠲᠠᠯ᠎ᠠ᠂ ᠲᠣᠰ ᠺᠣᠮᠫᠠᠨᠢ ᠶᠢᠨ ᠡᠳᠦᠷ ᠳᠤᠮᠳᠠᠴᠢ ᠶᠢᠨ ᠨᠡᠭᠦᠷᠡᠰᠦᠨ ᠤ ᠬᠥᠮᠥᠷᠭᠡ ᠶᠢᠨ ᠬᠠᠳᠠᠭᠠᠯᠠᠮᠵᠢ 14 ᠲᠦᠮᠡᠨ ᠲᠣᠨ ᠳᠤ ᠬᠦᠷᠴᠦ᠂ ᠨᠡᠭᠦᠷᠡᠰᠦᠨ ᠤ ᠦᠢᠯᠡᠳᠪᠦᠷᠢᠯᠡᠯ ᠨᠢ ᠨᠡᠶᠢᠲᠡ 1778 ᠲᠦᠮᠡᠨ ᠲᠣᠨ ᠬᠦᠷᠪᠡ᠂ ᠡᠭᠦᠨ ᠳᠤ ᠴᠢᠨᠠᠷ ᠰᠠᠶᠢᠲᠠᠢ ᠨᠡᠭᠦᠷᠡᠰᠦᠨ ᠤ ᠪᠣᠷᠤᠯᠠᠭᠤᠯᠭ᠎ᠠ ᠶᠢᠨ ᠬᠠᠷᠢᠴᠠᠯ 59%᠂ ᠳᠤᠮᠳᠠ ᠢᠯᠴᠢ ᠶᠢᠨ ᠨᠡᠭᠦᠷᠡᠰᠦᠨ ᠤ ᠪᠣᠷᠤᠯᠠᠭᠤᠯᠭ᠎ᠠ ᠶᠢᠨ ᠬᠠᠷᠢᠴᠠᠯ 23% ᠬᠦᠷᠴᠦ᠂ ᠴᠠᠬᠢᠯᠭᠠᠨ ᠤ ᠦᠢᠯᠡᠳᠪᠦᠷᠢ ᠳᠤ ᠬᠠᠩᠭᠠᠭᠰᠠᠨ ᠨᠡᠭᠦᠷᠡᠰᠦᠨ ᠤ ᠪᠣᠷᠤᠯᠠᠭᠤᠯᠭ᠎ᠠ ᠶᠢᠨ ᠬᠠᠷᠢᠴᠠᠯ 18% ᠬᠦᠷᠴᠡᠢ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号