| 12 ᠰᠠᠷ᠎ᠠ ᠶᠢᠨ 28 ᠤ ᠡᠳᠦᠷ᠂ ᠵᠠᠷᠤᠳ ᠬᠤᠰᠢᠭᠤ ᠠᠷᠪᠠᠨ ᠳᠣᠯᠣᠳᠤᠭᠠᠷ ᠤᠳᠠᠭᠠᠨ ᠤ ᠬᠤᠰᠢᠭᠤᠨ ᠤ | ᠨᠠᠮ ᠤᠨ ᠬᠤᠷᠢᠶᠠᠨ ᠤ ᠣᠨᠣᠯ ᠰᠤᠷᠣᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ | ᠬᠤᠷᠠᠯ ᠵᠢᠴᠢ ᠪᠠᠷᠢᠮᠵᠢᠶᠠᠵᠢᠭᠤᠯᠬᠤ ᠲᠠᠶᠢᠯᠤᠮᠵᠢ ᠪᠠ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠲᠤᠰᠬᠠᠢ | ᠲᠠᠶᠢᠯᠤᠮᠵᠢ ᠬᠢᠪᠡ᠃ ᠪᠦᠦ ᠸᠧᠨ ᠯᠠᠨ᠂ ᠯᠢᠦ ᠶᠦᠩ᠂ ᠶᠠᠩ ᠽᠢ ᠴᠢᠶᠠᠩ ᠵᠡᠷᠭᠡ ᠳᠡᠳ᠋ ᠭᠠᠵᠠᠷ ᠤᠨ ᠲᠠᠰ ᠠᠴᠠ | ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠸ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠪᠠᠷᠢᠮᠵᠢᠶᠠᠵᠢᠭᠤᠯᠤᠯᠲᠠ ᠶᠢᠨ ᠭᠠᠵᠠᠷ ᠤᠨ ᠳᠠᠷᠤᠭ᠎ᠠ ᠹᠧᠢ ᠢ ᠪᠣᠯᠣᠨ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ ᠤᠨ ᠳᠣᠷᠤᠭᠠ ᠶᠠᠨ ᠵᠤ᠋ ᠯᠢᠨ᠂ ᠲᠤᠰ ᠪᠦᠷᠢ ︽ | ᠪᠠᠷᠢᠮᠵᠢᠶ᠎ᠠ ᠪᠠᠷ ᠶᠠᠰᠤ ᠴᠢᠨᠠᠷ ᠢ ᠲᠣᠭᠲᠠᠭᠠᠨ᠎ᠠ --ᠪᠠᠷᠢᠮᠵᠢᠶᠠᠵᠢᠭᠰᠠᠨ ᠰᠠᠭᠤᠷᠢ ᠮᠡᠳᠡᠯᠭᠡ ᠶᠢᠨ ᠲᠠᠶᠢᠯᠤᠮᠵᠢ︾ ᠪᠠ | ︽ᠥᠪᠥᠷ ᠮᠣᠩᠭᠤᠯ ᠤᠨ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠣᠳᠣᠬᠢ | ᠪᠠᠶᠢᠳᠠᠯ ᠤᠨ ᠠᠰᠠᠭᠤᠳᠠᠯ ᠵᠢᠴᠢ ᠪᠠᠷᠠᠯᠠᠯ︾ ᠭᠡᠬᠦ ᠰᠡᠳᠦᠪ ᠢᠶᠠᠷ᠂ ᠰᠢ ᠶᠢᠨ ᠫᠢᠩ ᠶᠡᠷᠦᠩᠬᠡᠢ ᠱᠦᠵᠢ ᠶᠢᠨ | ᠪᠠᠷᠢᠮᠵᠢᠶᠠᠵᠢᠭᠤᠯᠬᠤ ᠠᠵᠢᠯ ᠤᠨ ᠲᠤᠬᠠᠢ ᠴᠢᠬᠤᠯᠠ ᠥᠭᠦᠯᠡᠯᠲᠡ᠂ ᠪᠠᠷᠢᠮᠵᠢᠶᠠᠵᠢᠭᠤᠯᠬᠤ ᠰᠠᠭᠤᠷᠢ ᠮᠡᠳᠡᠯᠭᠡ᠂ | ᠪᠠᠷᠢᠮᠵᠢᠶᠠᠵᠢᠭᠤᠯᠬᠤ ᠪᠠ ᠠᠮᠢᠳᠤᠷᠠᠯ᠂ ᠵᠠᠷᠤᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠬᠡᠳᠦᠨ | ᠰᠠᠨᠠᠭᠤᠯᠭ᠎ᠠ᠂ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠬᠥᠭᠵᠢᠯᠲᠡ ᠶᠢᠨ ᠶᠠᠪᠤᠴᠠ᠂ | ᠣᠳᠣᠬᠠᠨ ᠤ ᠪᠥᠬᠦ ᠣᠷᠣᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠤᠨᠴᠠᠯᠢᠭ ᠳᠠᠪᠠᠭᠤᠯᠢᠭ᠂ | ᠬᠥᠭᠵᠢᠯᠲᠡ ᠶᠢᠨ ᠪᠣᠭᠤᠮᠢ᠂ ᠢᠷᠡᠭᠡᠳᠦᠢ ᠶᠢᠨ ᠴᠢᠭᠯᠡᠯ ᠵᠡᠷᠭᠡ ᠲᠠᠯ᠎ᠠ ᠪᠠᠷ ᠭᠦᠨᠵᠡᠭᠡᠢ ᠲᠠᠶᠢᠯᠤᠮᠵᠢ ᠬᠢᠪᠡ᠃ ᠪᠥᠬᠦ | ᠬᠤᠰᠢᠭᠤᠨ ᠤ ᠪᠠᠷᠢᠮᠵᠢᠶᠠᠵᠢᠭᠤᠯᠬᠤ ᠠᠵᠢᠯ ᠪᠠ ᠨᠠᠷᠠᠲᠤ ᠲᠡᠮᠳᠡᠭᠲᠦ ᠶᠢ ᠡᠭᠦᠳᠬᠦ ᠰᠢᠨ᠎ᠡ ᠶᠢ ᠡᠭᠦᠳᠬᠦ ᠴᠢᠨᠠᠷᠲᠠᠢ | ᠠᠵᠢᠯ ᠳᠤ ᠮᠠᠰᠢ ᠴᠢᠩᠭ᠎ᠠ ᠵᠢᠯᠤᠭᠤᠳᠬᠤ ᠦᠢᠯᠡᠳᠦᠯ ᠲᠠᠢ ᠶᠤᠮ᠃ | ᠢᠦᠢ ᠯᠢᠩ ᠬᠤᠤ ᠵᠢᠭᠠᠪᠣᠷᠢᠯᠠᠭᠰᠠᠨ ᠨᠢ᠂ ᠪᠠᠷᠢᠮᠵᠢᠶᠠᠵᠢᠭᠤᠯᠬᠤ ᠠᠵᠢᠯ ᠨᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠬᠦ ᠲᠠᠯ᠎ᠠ ᠲᠠᠢ ᠬᠤᠯᠪᠣᠭᠳᠠᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ | ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ᠃ ᠬᠤᠷᠠᠯ ᠳᠤ ᠣᠷᠣᠯᠴᠠᠭᠰᠠᠳ ᠠᠵᠤ ᠠᠬᠤᠢ ᠶᠢᠨ ᠲᠦᠷᠭᠡᠨ ᠪᠥᠭᠡᠳ | ᠥᠨᠳᠥᠷ ᠪᠦᠲᠦᠮᠵᠢᠲᠡᠢ ᠬᠥᠭᠵᠢᠯᠲᠡ ᠶᠢᠨ ᠵᠣᠭᠰᠣᠴᠠ ᠠᠴᠠ ᠪᠠᠷᠢᠮᠵᠢᠶ᠎ᠠ ᠪᠠᠷ ᠶᠠᠰᠤ ᠴᠢᠨᠠᠷ ᠢ ᠲᠣᠭᠲᠠᠭᠠᠬᠤ | ᠣᠶᠢᠯᠠᠭᠠᠭᠳᠠᠬᠤᠨ ᠢ ᠣᠶᠢᠯᠠᠭᠠᠵᠤ᠂ ᠪᠠᠷᠢᠮᠵᠢᠶᠠᠵᠢᠭᠰᠠᠨ ᠲᠦᠷᠦᠯ ᠲᠡᠮᠳᠡᠭ ᠤᠨ ᠪᠠᠶᠢᠭᠤᠯᠤᠯᠲᠠ ᠶᠢ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ᠂ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠭᠠᠵᠤ᠂ | ᠪᠠᠷᠢᠮᠵᠢᠶᠠᠵᠢᠭᠰᠠᠨ ᠲᠦᠷᠦᠯ ᠲᠡᠮᠳᠡᠭ ᠤᠨ ᠪᠠᠶᠢᠭᠤᠯᠤᠯᠲᠠ ᠪᠠᠷ ᠮᠡᠷᠭᠡᠵᠢᠯ ᠤᠨ ᠲᠤᠰᠬᠠᠢ ᠠᠰᠢᠭᠴᠢᠯᠠᠯᠲᠠ᠂ ᠲᠤᠰᠬᠠᠢ | ᠠᠰᠢᠭ ᠤᠨ ᠪᠠᠷᠢᠮᠵᠢᠶᠠᠵᠢᠯᠲᠠ᠂ ᠪᠠᠷᠢᠮᠵᠢᠶ᠎ᠠ ᠶᠢᠨ ᠠᠵᠤ ᠦᠢᠯᠡᠰᠵᠢᠯᠲᠡ ᠶᠢ ᠠᠬᠢᠭᠤᠯᠬᠤ ᠬᠡᠷᠡᠭᠲᠡᠢ ᠭᠡᠪᠡ᠃ | ᠢᠦᠢ ᠯᠢᠩ ᠬᠤᠸ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠳᠦᠷᠢᠮ ᠲᠣᠭᠲᠠᠭᠠᠯ | ᠂ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠤᠨ ᠲᠠᠶᠢᠯᠤᠮᠵᠢ ᠪᠣᠯᠪᠠᠰᠤᠷᠠᠭᠤᠯᠤᠯ ᠢ ᠪᠠᠷᠢᠮᠵᠢᠶᠠᠵᠢᠭᠤᠯᠬᠤ ᠵᠢᠴᠢ | ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠰᠤᠷᠤᠯᠴᠠᠨ ᠤᠬᠠᠭᠤᠯᠬᠤ ᠰᠠᠭᠤᠷᠢ ᠴᠢᠨᠠᠷᠲᠠᠢ ᠠᠵᠢᠯ ᠪᠣᠯᠭᠠᠨ | ᠠᠳᠬᠤᠵᠤ᠂ ᠲᠡᠭᠦᠨ ᠤ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠨᠢᠭᠡᠴᠡ ᠬᠢᠨ ᠡᠳᠦᠷ ᠲᠤᠲᠤᠮ ᠤᠨ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ | ᠬᠠᠤᠯᠢ ᠲᠣᠭᠲᠠᠭᠠᠯ ᠢ ᠣᠬᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠠᠶᠢᠭᠤᠯᠤᠯᠭ᠎ᠠ ᠶᠢᠨ ᠠᠵᠢᠯ ᠤᠨ | ᠪᠦᠯᠦᠭ᠂ ᠵᠠᠬᠢᠶᠠᠯᠠᠭ᠎ᠠ ᠶᠢᠨ ᠳ᠋ᠤᠭᠠᠷ ᠲᠤ ᠲᠦᠰᠢᠭᠯᠡᠨ ᠪᠠᠷᠢᠮᠵᠢᠶᠠᠵᠢᠭᠤᠯᠬᠤ ᠤᠬᠠᠭᠤᠯᠭ᠎ᠠ ᠶᠢ ᠥᠷᠭᠡᠨ ᠢᠶᠠᠷ | ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠷᠢᠮᠵᠢᠶᠠᠵᠢᠭᠤᠯᠬᠤ ᠬᠠᠤᠯᠢ︾᠂ ︽ᠤᠯᠤᠰ ᠤᠨ ᠪᠠᠷᠢᠮᠵᠢᠶᠠᠵᠢᠭᠤᠯᠬᠤ ᠬᠥᠭᠵᠢᠯᠲᠡ ᠶᠢᠨ ᠬᠥᠲᠥᠯᠪᠦᠷᠢ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠳᠦᠷᠢᠮ︾᠂ ︽ᠥᠪᠥᠷ | ᠮᠣᠩᠭᠤᠯ ᠤᠨ ᠲᠤᠰᠬᠠᠢ ᠠᠰᠢᠭ ᠢ ᠠᠬᠢᠭᠤᠯᠬᠤ ᠪᠠ ᠬᠠᠮᠠᠭᠠᠯᠠᠬᠤ ᠳᠦᠷᠢᠮ︾ ᠵᠡᠷᠭᠡ ᠲᠥᠷᠥ ᠶᠢᠨ ᠪᠣᠳᠣᠯᠭ᠎ᠠ ᠶᠢᠨ | ᠤᠭ ᠪᠢᠴᠢᠭ ᠢ ᠬᠦᠷᠭᠡᠨ ᠥᠭᠴᠦ᠂ ᠠᠯᠪᠠᠨ ᠤ ᠲᠠᠯ᠎ᠠ ᠶᠢᠨ ᠬᠡᠷᠡᠭᠯᠡᠭᠴᠢ ᠶᠢᠨ ᠦᠵᠦᠭᠦᠷ ᠢ ᠠᠰᠢᠭᠯᠠᠨ ᠲᠠᠶᠢᠯᠤᠮᠵᠢ | ᠵᠢᠷᠤᠭ ᠪᠢᠴᠢᠭ᠂ ᠠᠵᠢᠯ ᠤᠨ ᠦᠷ᠎ᠡ ᠪᠦᠲᠦᠭᠡᠯ ᠢ ᠨᠡᠶᠢᠲᠡᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠢᠨ ᠲᠤᠰᠬᠠᠢ | ᠮᠡᠷᠭᠡᠵᠢᠯ ᠤᠨ ᠠᠵᠢᠯᠲᠠᠨ ᠢᠶᠠᠨ ᠵᠣᠬᠢᠶᠠᠨ ᠪᠠᠶᠢᠭᠤᠯᠤᠨ ᠣᠯᠠᠨ ᠲᠦᠮᠡᠨ ᠳᠤ ᠬᠠᠨᠳᠤᠭᠤᠯᠤᠨ ᠪᠠᠷᠢᠮᠵᠢᠶᠠᠵᠢᠭᠤᠯᠬᠤ᠂ | ᠨᠠᠷᠠᠲᠤ ᠲᠡᠮᠳᠡᠭᠵᠢᠭᠦᠯᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠪᠥᠬᠦ ᠨᠡᠶᠢᠭᠡᠮ ᠤᠨ ᠪᠠᠷᠢᠮᠵᠢᠶᠠᠵᠢᠭᠤᠯᠬᠤ | ᠨᠠᠷᠠᠲᠤ ᠲᠡᠮᠳᠡᠭᠵᠢᠭᠦᠯᠬᠦ ᠦᠵᠡᠯ ᠤᠬᠠᠮᠰᠠᠷ ᠢ ᠴᠢᠩᠭᠠᠷᠠᠭᠤᠯᠤᠨ᠂ ᠪᠠᠷᠢᠮᠵᠢᠶᠠᠵᠢᠭᠤᠯᠬᠤ ᠪᠠ ᠨᠠᠷᠠᠲᠤ ᠲᠡᠮᠳᠡᠭᠲᠦ ᠶᠢ | ᠡᠭᠦᠳᠬᠦ ᠰᠢᠨ᠎ᠡ ᠶᠢ ᠡᠭᠦᠳᠬᠦ ᠴᠢᠨᠠᠷᠲᠠᠢ ᠠᠵᠢᠯ ᠤᠨ ᠨᠡᠶᠢᠭᠡᠮ ᠳᠡᠭᠡᠷᠡᠬᠢ ᠨᠥᠯᠥᠭᠡ ᠶᠢ ᠤᠯᠠᠮ ᠨᠢᠭᠡ ᠠᠯᠬᠤᠮ | ᠥᠷᠭᠡᠳᠬᠡᠬᠦ ᠬᠡᠷᠡᠭᠲᠡᠢ ᠭᠡᠪᠡ᠃ | ᠢᠦᠢ ᠯᠢᠩ ᠬᠤᠤ ᠱᠠᠭᠠᠷᠳᠠᠭᠰᠠᠨ ᠨᠢ᠂ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠡᠯ᠎ᠡ ᠵᠦᠢᠯ ᠤᠨ | ᠠᠵᠢᠯ ᠦᠢᠯᠡᠰ ᠲᠠᠢ ᠭᠦᠨᠵᠡᠭᠡᠢ ᠠᠭᠤᠰᠤᠯᠴᠠᠭᠤᠯᠵᠤ᠂ ︽ᠪᠠᠷᠢᠮᠵᠢᠶᠠᠵᠢᠭᠤᠯᠤᠯᠲᠠ +︾ ᠲᠤᠰᠬᠠᠢ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠪᠠᠷᠢᠮᠵᠢᠶᠠᠵᠢᠭᠤᠯᠬᠤ ᠬᠢᠭᠡᠳ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ ᠣᠲᠣ | ᠦᠶ᠎ᠡ ᠶᠢᠨ ᠲᠠᠷᠢᠶᠠᠯᠠᠩ᠂ ᠲᠡᠷᠢᠭᠦᠨ ᠤ ᠦᠢᠯᠡᠳᠬᠦ ᠦᠢᠯᠡᠰ᠂ ᠠᠮᠢ ᠠᠬᠤᠢ ᠶᠢᠨ ᠪᠣᠯᠪᠠᠰᠤᠨ᠂ ᠬᠡᠷᠡᠭᠯᠡᠭᠡᠨ ᠤ ᠲᠠᠰ | ᠳᠡᠪᠰᠢᠬᠦ᠂ ᠨᠡᠶᠢᠭᠡᠮ ᠤᠨ ᠵᠠᠰᠠᠯᠲᠠ᠂ ᠣᠯᠠᠨ ᠨᠡᠶᠢᠲᠡ ᠶᠢᠨ ᠦᠢᠯᠡᠴᠢᠯᠡᠭᠡ ᠶᠢ ᠣᠷᠭᠠᠨᠢᠭ ᠢᠶᠠᠷ | ᠠᠭᠤᠰᠤᠯᠴᠠᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠪᠠᠷᠢᠮᠵᠢᠶ᠎ᠠ ᠪᠠᠷ ᠬᠥᠲᠥᠯᠥᠨ | ᠳᠠᠭᠠᠭᠤᠯᠬᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠪᠠᠷᠢᠮᠵᠢᠶ᠎ᠠ ᠪᠠᠷ ᠲᠤᠯᠭᠠᠭᠤᠷᠢᠯᠠᠭᠤᠯᠬᠤ᠂ ᠵᠠᠬ᠎ᠠ | ᠳᠡᠯᠭᠡᠭᠦᠷ ᠢ ᠵᠢᠷᠣᠮᠵᠢᠭᠤᠯᠬᠤ ᠳᠤ ᠵᠢᠷᠤᠮᠯᠠᠬᠤ ᠪᠠᠷᠢᠮᠵᠢᠶ᠎ᠠ ᠲᠠᠢ᠂ ᠣᠯᠠᠨ ᠨᠡᠶᠢᠲᠡ ᠶᠢᠨ ᠠᠰᠢᠭ ᠲᠤᠰᠠ ᠢ | ᠪᠡᠶᠡᠯᠡᠭᠦᠯᠬᠦ ᠵᠢᠷᠤᠮᠯᠠᠬᠤ ᠪᠠᠷᠢᠮᠵᠢᠶ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠠᠷᠢᠮᠵᠢᠶᠠᠵᠢᠭᠤᠯᠤᠯᠲᠠ ᠶᠢᠨ | ᠪᠠᠶᠢᠭᠤᠯᠤᠯᠲᠠ ᠪᠠ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠬᠤᠯᠪᠣᠯᠳᠤᠭᠤᠯᠵᠤ᠂ | ᠮᠡᠷᠭᠡᠵᠢᠯ᠂ ᠪᠠᠷᠢᠮᠵᠢᠶ᠎ᠠ᠂ ᠶᠠᠰᠤ ᠴᠢᠨᠠᠷ᠂ ᠨᠠᠷᠠᠲᠤ ᠲᠡᠮᠳᠡᠭ᠂ ᠦᠢᠯᠡᠴᠢᠯᠡᠭᠡ ᠪᠠᠷ ᠭᠤᠣᠯ ᠬᠦᠴᠦᠨ ᠪᠣᠯᠭᠠᠭᠰᠠᠨ | ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠣᠶ ᠪᠣᠯᠭᠠᠬᠤ ᠶᠢ ᠬᠦᠴᠦᠯᠡᠨ ᠠᠬᠢᠭᠤᠯᠵᠤ᠂ ᠪᠥᠬᠦ ᠬᠤᠰᠢᠭᠤᠨ ᠤ | ᠣᠨᠴᠠᠯᠢᠭᠲᠤ ᠠᠵᠤ ᠦᠢᠯᠡᠰ ᠤᠨ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ᠂ ᠦᠷ᠎ᠡ ᠪᠦᠲᠦᠭᠡᠯ ᠤᠨ ᠴᠢᠨᠠᠷᠲᠠᠢ | ᠬᠤᠪᠢᠷᠠᠭᠤᠯᠤᠯᠲᠠ ᠶᠢ ᠠᠬᠢᠭᠤᠯᠬᠤ ᠬᠡᠷᠡᠭᠲᠡᠢ᠃ ᠪᠣᠳᠠᠲᠠᠢ ᠲᠠᠢ ᠪᠠᠨ ᠤᠶᠠᠯᠳᠤᠭᠤᠯᠤᠨ ᠪᠠᠷᠢᠮᠵᠢᠶᠠᠵᠢᠭᠤᠯᠬᠤ | ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠪᠥᠬᠦ ᠬᠤᠰᠢᠭᠤᠨ ᠤ ᠠᠵᠤ ᠦᠢᠯᠡᠰ ᠤᠨ ᠡᠷᠴᠢᠮᠵᠢᠭᠦᠯᠬᠦ᠂ | ᠪᠠᠷᠢᠮᠵᠢᠶᠠᠵᠢᠭᠤᠯᠬᠤ᠂ ᠠᠮᠢ ᠠᠬᠤᠶᠢᠵᠢᠭᠤᠯᠬᠤ ᠵᠠᠭᠪᠤᠷ ᠳᠠᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ | ᠠᠬᠢᠭᠤᠯᠬᠤ ᠬᠡᠷᠡᠭᠲᠡᠢ᠃ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ | ᠲᠠᠯ᠎ᠠ ᠶᠢ ᠬᠠᠮᠠᠭᠠᠯᠠᠬᠤ ᠬᠡᠷᠡᠭᠲᠡᠢ ᠭᠡᠪᠡ᠃ | ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠨᠠᠮ ︵ᠠᠵᠤ ᠦᠢᠯᠡᠳᠪᠦᠷᠢ︶ ᠤᠨ ᠬᠤᠷᠢᠶ᠎ᠠ ᠶᠢᠨ | ᠱᠦᠵᠢ᠂ ᠪᠠᠯᠭᠠᠰᠤ ︵ᠲᠠᠯᠠᠪᠠᠶ︶ ᠶᠢᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠢ ᠬᠤᠪᠢᠳᠠᠨ | ᠬᠠᠮᠢᠶᠠᠷᠴᠤ ᠪᠠᠶᠢᠭ᠎ᠠ ᠳᠡᠳ᠋ ᠪᠠᠯᠭᠠᠰᠤ ︵ᠲᠠᠯᠠᠪᠠᠶ︶ ᠶᠢᠨ ᠳᠠᠷᠤᠭ᠎ᠠ ᠪᠠ ᠬᠤᠰᠢᠭᠤᠨ ᠤ ᠰᠢᠭᠤᠳ ᠬᠠᠷᠢᠶ᠎ᠠ ᠡᠯ᠎ᠡ | ᠰᠢᠰᠲ᠋ᠧᠮ ᠤᠨ ᠨᠠᠮ ᠤᠨ ᠬᠤᠷᠢᠶ᠎ᠠ ᠶᠢᠨ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ᠂ ᠬᠤᠰᠢᠭᠤᠨ ᠤ | ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠦᠪᠯᠡᠯ ᠤᠨ ᠬᠠᠷᠢᠶ᠎ᠠ ᠨᠠᠮ ᠤᠨ ᠡᠭᠦᠷ ᠤᠨ ᠱᠦᠵᠢ ᠵᠢᠴᠢ | ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | | | |