ᠵᠠᠷᠤᠳ ᠬᠤᠰᠢᠭᠤ ᠠᠮᠢ ᠠᠬᠤᠢ ᠶᠢᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/12/4
    11 ᠰᠠᠷ᠎ᠠ ᠶᠢᠨ 30 ᠤ ᠡᠳᠦᠷ᠂ ᠵᠠᠷᠤᠳ ᠬᠤᠰᠢᠭᠤ ᠠᠮᠢ ᠠᠬᠤᠢ ᠶᠢᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠡᠵᠦ᠂ ᠮᠦ ᠲᠢᠶᠧ ᠮᠢᠨ᠂ ᠶᠣᠣ ᠼᠠᠢ ᠶᠠᠨ᠂ ᠯᠢ ᠶᠦᠩ ᠬᠠᠢ᠂ ᠳ᠋ᠢᠩ ᡁᠢ ᠭᠠᠩ᠂ ᠼᠦᠢ ᠯᠧᠢ ᠯᠧᠢ᠂ ᠵᠠᠩ ᠯᠢ ᠭᠦᠸᠧ ᠵᠡᠷᠭᠡ ᠬᠤᠰᠢᠭᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠪᠦᠦ ᠸᠧᠨ ᠯᠠᠨ ᠡᠨᠡ ᠵᠢᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠵᠢᠯ ᠢ ᠬᠡᠷᠬᠢᠨ ᠣᠯᠠᠮ ᠨᠢᠭᠡ ᠠᠯᠬᠤᠮ ᠰᠠᠶᠢᠲᠤᠷ ᠠᠳᠬᠤᠬᠤ ᠪᠠ ᠢᠷᠡᠬᠦ ᠵᠢᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠲᠥᠯᠥᠪᠵᠢᠭᠦᠯᠬᠦ ᠲᠤᠬᠠᠢ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠲᠡᠷᠡ ᠴᠢᠬᠤᠯᠠᠴᠢᠯᠠᠭᠰᠠᠨ ᠨᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ᠂ ᠠᠵᠤ ᠠᠬᠤᠢ ᠶᠢᠨ ᠠᠰᠠᠭᠤᠳᠠᠯ ᠪᠣᠯᠬᠤ ᠪᠠᠷ ᠪᠠᠷᠠᠬᠤ ᠦᠭᠡᠢ ᠪᠠᠰᠠ ᠴᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ᠎ᠠ᠂ ᠪᠢᠳᠡ ᠢᠮᠠᠭᠲᠠ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠪᠦᠬᠦ ᠵᠢᠯ ᠤᠨ ᠬᠠᠷᠠᠯᠲᠠ ᠡᠭᠦᠷᠭᠡ ᠪᠣᠯᠣᠨ ᠡᠯ᠎ᠡ ᠵᠦᠢᠯ ᠤᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠬᠠᠷᠠᠯᠲᠠ ᠶᠢ ᠬᠠᠷᠭᠤᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠠᠵᠢᠯ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠠᠵᠢᠯ ᠤᠨ ᠳᠤᠮᠳᠠᠬᠢ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠶ ᠰᠢᠢᠳᠪᠦᠷᠢᠯᠡᠵᠦ᠂ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃     ᠪᠦᠦ ᠸᠧᠨ ᠯᠠᠨ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠯᠤᠰ ᠬᠡᠳᠤ ᠶᠢᠨ ᠵᠣᠭᠰᠣᠴᠠ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠤᠢ ᠰᠢᠭᠤᠢ ᠨᠤᠲᠤᠭ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠴᠠᠭ ᠤᠨ ᠬᠢᠵᠠᠭᠠᠷ ᠶᠣᠰᠣᠭᠠᠷ ᠨᠣᠮᠧᠷ ᠬᠠᠰᠤᠬᠤ ᠠᠵᠢᠯ ᠢ ᠪᠡᠶᠡᠯᠡᠭᠦᠯᠬᠦ ᠬᠡᠷᠡᠭᠲᠡᠢ᠃ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠲᠤ ᠣᠶ ᠰᠢᠭᠤᠢ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠳᠠᠭᠠᠭᠤᠯᠢ ᠤᠳᠤᠨ ᠤ ᠵᠢᠷᠤᠭ ᠳᠣᠯᠪᠤ ᠶᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠬᠦ ᠦᠵᠡᠭᠳᠡᠯ ᠢ ᠪᠦᠲᠦᠮᠵᠢᠲᠡᠶ ᠬᠤᠷᠢᠭᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠬᠡ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠦᠨᠳᠦᠰᠦᠨ ᠪᠠᠶᠢᠳᠠᠯ ᠢ ᠣᠶᠢᠯᠠᠭᠠᠵᠤ᠂ ᠬᠥᠳᠡᠯᠦᠩᠭᠦᠢ ᠪᠠᠶᠢᠳᠠᠯ ᠢ ᠡᠵᠡᠮᠰᠢᠨ᠂ ︽ᠣᠭᠲᠣ ᠠᠭᠤᠴᠢᠯᠠᠬᠤ ᠦᠭᠡᠢ︾ ᠣᠪᠣᠷ ᠪᠠ ᠡᠷᠡᠰ ᠵᠣᠷᠢᠭ ᠢᠶᠠᠷ ᠬᠦᠴᠢᠷ ᠢ ᠰᠥᠷᠦᠨ ᠤᠷᠤᠭᠰᠢᠯᠠᠵᠤ᠂ ᠣᠶ ᠰᠢᠭᠤᠢ ᠨᠤᠲᠤᠭ ᠪᠡᠯᠴᠢᠭᠡᠷ ᠢ ᠰᠦᠢᠳᠬᠡᠭᠰᠡᠨ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠪᠠᠶᠢᠷᠢ ᠬᠤᠣᠰ ᠬᠠᠷᠢᠭᠤᠴᠠᠯᠭ᠎ᠠ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠲᠠ ᠬᠠᠮᠵᠢᠯᠴᠠᠵᠤ᠂ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠪᠡ   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号