12 ᠰᠠᠷ᠎ᠠ ᠶᠢᠨ 4 ᠤ ᠡᠳᠦᠷ᠂ ᠠᠷᠤ ᠬᠦᠨᠳᠡᠯᠡᠨ ᠪᠠᠯᠭᠠᠰᠤ ᠬᠢᠨ ︽ᠨᠠᠮ ᠤᠨ ᠠᠴᠢ ᠶᠢ ᠮᠡᠳᠡᠷᠡᠵᠦ | ᠨᠠᠮ ᠤᠨ ᠦᠭᠡ ᠶᠢ ᠰᠣᠨᠣᠰᠴᠤ ᠨᠠᠮ ᠤᠨ ᠦᠭᠡ ᠶᠢ ᠲᠠᠭᠠᠬᠤ︾ ︽ᠠᠷᠪᠠ ᠵᠠᠭᠤ ᠮᠢᠩᠭ᠎ᠠ ᠲᠦᠮᠡ︾ ᠤᠮᠠᠷᠠᠲᠤ | ᠬᠢᠯᠢ ᠶᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠡ᠃ ᠬᠤᠷᠠᠯ ᠠᠴᠠ ᠵᠢᠭᠠᠪᠤᠷᠢᠯᠠᠭᠰᠠᠨ ᠨᠢ᠂ | ᠨᠠᠮ ᠪᠣᠯᠣᠨ ᠵᠠᠰᠠᠭ ᠤᠨ ᠣᠷᠳᠣᠨ ᠤ ᠡᠮᠡᠭᠲᠡᠢ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠥᠷᠭᠡᠨ ᠤᠯᠠᠨ ᠡᠮᠡᠭᠲᠡᠶᠢᠴᠦᠳ ᠤᠨ ᠡᠷᠡᠰ ᠭᠤᠶᠢᠪᠢᠰᠢ | ᠦᠭᠡᠢ ᠪᠠᠷ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠯᠠᠮᠵᠢᠯᠠᠨ | ᠬᠠᠶᠢᠷᠠᠯᠠᠵᠤ ᠬᠠᠪᠰᠤᠷᠤᠨ ᠲᠡᠳᠬᠦᠵᠦ ᠡᠷᠬᠡ ᠠᠰᠢᠭ ᠢᠶᠠᠨ ᠬᠠᠮᠠᠭᠠᠯᠠᠬᠤ ᠳᠤᠮᠳᠠ ᠡᠮᠡᠭᠲᠡᠶᠢᠴᠦᠳ ᠤᠨ ᠬᠠᠶᠢᠷ᠎ᠠ ᠶᠢ | ᠰᠠᠴᠤᠵᠤ᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠳᠤᠮᠳᠠ ᠡᠮᠡᠭᠲᠡᠶᠢᠴᠦᠳ ᠤᠨ | ᠤᠶᠤᠨ ᠤᠬᠠᠭᠠᠨ ᠢ ᠨᠢᠭᠲᠠᠷᠠᠭᠤᠯᠵᠤ᠂ ᠡᠮᠡᠭᠲᠡᠶᠢᠴᠦᠳ ᠬᠡᠦᠬᠡᠳ ᠤᠨ ᠠᠵᠢᠯ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠡᠮᠡᠭᠲᠡᠶᠢᠴᠦᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ | ᠬᠥᠲᠥᠯᠥᠨ ᠳᠠᠭᠠᠭᠤᠯᠬᠤ ᠪᠠ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ ᠭᠡᠪᠡ᠃ | | | |