12 ᠰᠠᠷ᠎ᠠ ᠶᠢᠨ 4 ᠤ ᠡᠳᠦᠷ᠂ ᠭᠠᠭ᠋ᠠᠶᠢᠳᠤ ᠪᠠᠯᠭᠠᠰᠤ ᠬᠢᠨ ︽12 · 4︾ ᠤ ᠤᠯᠤᠰ ᠤᠨ ᠦᠨᠳᠦᠰᠦᠨ | ᠬᠠᠤᠯᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠷᠢᠶ᠎ᠠ ᠯᠣᠽᠦ᠋ᠩ ᠡᠯᠭᠦᠬᠦ᠂ ᠬᠠᠤᠯᠢ ᠴᠠᠭᠠᠵᠠ ᠶᠢᠨ ᠵᠥᠪᠯᠡᠯᠭᠡ | ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠦᠨᠳᠦᠰᠦᠨ ᠬᠠᠤᠯᠢ᠂ ᠢᠷᠭᠡᠨ ᠤ | ᠬᠠᠤᠯᠢ ᠶᠢᠨ ᠪᠢᠴᠢᠭ ᠵᠡᠷᠭᠡ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ | ᠴᠠᠭᠠᠵᠠ ᠶᠢᠨ ᠮᠡᠳᠡᠯᠭᠡ ᠶᠢ ᠤᠬᠠᠭᠤᠯᠵᠤ᠂ ᠳᠡᠷᠭᠡᠳᠡᠬᠢ ᠦᠨᠡᠨ ᠪᠣᠳᠠᠲᠠᠢ ᠬᠡᠷᠡᠭ ᠢᠶᠠᠷ ᠲᠤᠬᠠᠢ ᠶᠢᠨ ᠲᠠᠯᠠᠪᠤᠷ ᠲᠤ ︽ | ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ︾᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ | ᠂ ᠣᠯᠠᠨ ᠲᠦᠮᠡᠨ ᠤ ᠤᠬᠠᠮᠰᠠᠷ ᠠᠴᠠ ᠪᠠᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ᠂ ᠬᠠᠤᠯᠢ ᠶᠢ | ᠬᠡᠷᠡᠭᠯᠡᠬᠦ ᠶᠢ ᠬᠥᠲᠥᠯᠥᠨ ᠵᠢᠯᠣᠭᠤᠳᠪᠠ᠃ | | | |