| 12 ᠰᠠᠷ᠎ᠠ ᠶᠢᠨ 4 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠪᠥᠬᠦ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠠᠵᠢᠯ ᠤᠨ ᠲᠣᠬᠢᠷᠠᠭᠤᠯᠤᠯᠲᠠ ᠶᠢᠨ | ᠬᠤᠷᠠᠯ ᠢ ᠡᠷᠭᠢᠯᠡᠨ ᠬᠢᠵᠦ᠂ ︽ᠲᠠᠪᠤᠨ ᠶᠡᠭᠡ ᠡᠭᠦᠷᠭᠡ︾ ᠶᠢᠨ ᠲᠤᠰᠬᠠᠢ ᠬᠢᠨᠠᠨ ᠰᠢᠯᠭᠠᠬᠤ ᠭᠦᠢᠴᠡᠳᠬᠡᠯ | ᠲᠤᠭ᠎ᠠ ᠶᠢᠨ ᠠᠵᠢᠯ ᠤᠨ ᠳᠤᠮᠳᠠ ᠳᠡᠭᠡᠳᠦ ᠱᠠᠲᠤᠨ ᠤ ᠵᠢᠭᠠᠪᠣᠷᠢᠯᠠᠭᠰᠠᠨ ᠪᠠ ᠲᠣᠰ ᠱᠠᠲᠤᠨ ᠤ ᠥᠪᠡᠷ ᠤᠨ | ᠪᠠᠶᠢᠴᠠᠭᠠᠨ ᠭᠠᠷᠭᠠᠭᠰᠠᠨ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠰᠣᠨᠣᠰᠴᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ | ᠨᠢᠭᠡ ᠠᠯᠬᠤᠮ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠪᠠᠲᠣᠯᠠᠬᠤ ᠬᠡᠷᠡᠭᠲᠡᠢ᠃ ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠯᠢ ᠢᠦᠢ ᠹᠦ᠋᠂ ᠮᠦ | ᠲᠢᠶᠧ ᠮᠢᠨ᠂ ᠶᠣᠣ ᠼᠠᠢ ᠶᠠᠨ᠂ ᠰᠦᠸᠧ ᠮᠢᠩ ᠢᠦᠢ᠂ ᠭᠦᠸᠧ ᠶᠠ ᠹᠧᠩ᠂ ᠳ᠋ᠢᠩ ᡁᠢ ᠭᠠᠩ᠂ ᠵᠠᠩ ᠯᠢ ᠭᠦᠸᠧ | ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | ᠱᠣᠸ ᠶᠠᠨ ᠵᠢᠶᠦ᠋ᠨ ᠴᠢᠬᠤᠯᠠᠴᠢᠯᠠᠭᠰᠠᠨ ᠨᠢ᠂ ︽ᠲᠠᠪᠤᠨ ᠶᠡᠭᠡ ᠡᠭᠦᠷᠭᠡ︾ ᠪᠣᠯ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠮᠥᠨ᠂ ︽ᠲᠠᠪᠤᠨ ᠶᠡᠭᠡ ᠡᠭᠦᠷᠭᠡ | ︾ ᠶᠢ ᠴᠢᠨᠠᠷ ᠰᠠᠶᠢᠲᠠᠢ ᠰᠠᠶᠢᠲᠤᠷ ᠨᠠᠶᠢᠳᠠᠪᠤᠷᠢᠵᠢᠭᠤᠯᠬᠤ ᠪᠣᠯ ᠪᠥᠬᠦ ᠬᠤᠰᠢᠭᠤᠨ ᠤ ᠡᠷᠬᠡᠪᠰᠢ ᠡᠷᠡᠰ ᠡᠭᠦᠷᠭᠡᠯᠡᠬᠦ | ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ | ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠠᠵᠢᠯ ᠤᠨ ᠬᠤᠷᠴᠠ ᠰᠣᠷᠭᠤᠭ ᠢᠶᠠᠨ | ᠳᠡᠭᠡᠭᠰᠢᠯᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ | ᠦᠷᠭᠦᠯᠵᠢᠯᠡᠨ ᠴᠢᠩᠭᠠᠳᠬᠠᠵᠤ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠴᠠᠭ ᠲᠤᠬᠠᠢ ᠳᠤᠨᠢ | ᠡᠵᠡᠮᠰᠢᠨ᠂ ᠴᠠᠭ ᠲᠤᠬᠠᠢ ᠳᠤᠨᠢ ᠰᠡᠳᠬᠢᠮᠵᠢ ᠪᠠᠨ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠪᠠᠨ ᠳᠠᠭᠠᠵᠤ᠂ ᠡᠭᠦᠷᠭᠡ | ᠬᠠᠷᠠᠯᠲᠠ ᠪᠠᠨ ᠤᠯᠠᠮ ᠨᠢᠭᠡ ᠠᠯᠬᠤᠮ ᠰᠢᠯᠤᠭᠤᠳᠬᠠᠵᠤ᠂ ᠡᠷᠬᠡᠪᠰᠢ ᠪᠠᠷᠳᠠᠮᠨᠠᠬᠤ ᠦᠭᠡᠢ ᠪᠠᠴᠢᠮᠳᠠᠬᠤ ᠦᠭᠡᠢ | ᠪᠠᠶᠢᠵᠤ᠂ ᠠᠵᠠ ᠬᠠᠷᠠᠬᠤ ᠦᠵᠡᠯ ᠰᠠᠨᠠᠭ᠎ᠠ ᠶᠢ ᠲᠡᠪᠴᠢᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠲᠠᠰᠤᠷᠠᠯᠲᠠ | ᠦᠭᠡᠢ ᠴᠢᠩᠭᠠᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠦᠨ᠂ ᠡᠯ᠎ᠡ ᠵᠦᠢᠯ ᠤᠨ | ᠠᠵᠢᠯ ᠤᠨ ᠨᠠᠶᠢᠲᠠᠪᠣᠷᠢᠵᠢᠭᠤᠯᠣᠨ ᠠᠬᠢᠭᠤᠯᠵᠤ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ | ᠬᠠᠮᠤᠭ ᠰᠡᠭᠦᠯᠴᠢ ᠶᠢᠨ ᠨᠢᠭᠡ ᠰᠠᠷ᠎ᠠ ᠶᠢᠨ ᠵᠠᠩᠭᠢᠯᠭ᠎ᠠ ᠶᠢᠨ ᠬᠤᠭᠤᠴᠠᠭ᠎ᠠ ᠶᠢ ᠠᠳᠬᠤᠵᠤ᠂ ︽ᠲᠠᠪᠤᠨ ᠶᠡᠭᠡ ᠡᠭᠦᠷᠭᠡ | ︾ ᠶᠢ ᠨᠠᠶᠢᠳᠠᠪᠤᠷᠢᠵᠢᠭᠤᠯᠬᠤ ᠬᠢᠨᠠᠨ ᠰᠢᠯᠭᠠᠯᠲᠠ ᠶᠢᠨ ᠨᠠᠷᠢᠨ ᠲᠠᠩᠰᠠ ᠶᠢ ᠬᠠᠷᠭᠤᠭᠤᠯᠵᠤ᠂ ᠳᠣᠲᠠᠭᠳᠠᠯ ᠲᠠᠢ ᠲᠠᠯ᠎ᠠ | ᠪᠠᠭᠤᠷᠠᠢ ᠲᠠᠯ᠎ᠠ ᠪᠠᠨ ᠣᠨᠣᠪᠴᠢᠲᠠᠢ ᠡᠷᠢᠵᠦ᠂ ᠳᠣᠲᠠᠭᠳᠠᠯ ᠢᠶᠠᠨ ᠪᠠᠶᠢᠴᠠᠭᠠᠵᠤ ᠳᠣᠲᠠᠭᠳᠠᠯ ᠢᠶᠠᠨ ᠨᠥᠬᠦᠪᠦᠷᠢᠯᠡᠬᠦ | ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠭᠦᠢᠴᠡᠳᠬᠡᠯ ᠲᠤᠭ᠎ᠠ ᠶᠢᠨ ᠲᠦᠷᠦᠭᠦᠯᠡᠬᠦ ᠬᠢᠬᠦ ᠰᠠᠯᠠᠭ᠎ᠠ ᠮᠥᠴᠢᠷ ᠬᠢᠨ | ᠵᠦᠢᠯ ᠳᠠᠷᠠᠭᠠᠯᠠᠨ ᠰᠤᠳᠤᠯᠤᠨ ᠲᠣᠬᠢᠷᠠᠭᠤᠯᠵᠤ᠂ ᠨᠢᠭᠡᠨᠲᠡ ᠪᠡᠶᠡᠯᠡᠭᠦᠯᠦᠭᠰᠡᠨ ᠵᠦᠢᠯ ᠢᠶᠠᠨ ᠪᠠᠶᠢᠴᠠᠭᠠᠨ ᠳᠤᠲᠠᠭᠤ ᠶᠢ | ᠨᠢ ᠨᠥᠬᠦᠪᠦᠷᠢᠯᠡᠵᠦ᠂ ᠣᠳᠣ ᠠᠬᠢᠭᠤᠯᠵᠤ ᠪᠠᠶᠢᠭ᠎ᠠ ᠵᠦᠢᠯ ᠤᠨ ᠠᠬᠢᠴᠠ ᠪᠠᠨ ᠲᠦᠷᠭᠡᠳᠬᠡᠬᠦ ᠬᠡᠷᠡᠭᠲᠡᠢ᠃ ᠬᠠᠷᠠᠯᠲᠠ | ᠡᠭᠦᠷᠭᠡ ᠪᠠᠨ ᠴᠢᠩᠭ᠎ᠠ ᠠᠩᠬᠠᠷᠴᠤ᠂ ᠲᠠᠩᠰᠠ ᠲᠤᠰᠢᠶᠠᠬᠤ ᠤᠬᠠᠮᠰᠠᠷ ᠢ ᠪᠠᠲᠤ ᠪᠣᠶ ᠪᠣᠯᠭᠠᠵᠤ᠂ ᠦᠵᠡᠯ ᠰᠠᠨᠠᠭᠠᠨ ᠤ | ᠲᠠᠯ᠎ᠠ ᠪᠠᠷ ᠳᠠᠬᠢᠨ ᠳᠠᠷᠤᠯᠲᠠ ᠥᠭᠴᠦ᠂ ᠦᠶᠯᠡ ᠠᠵᠢᠯᠯᠠᠭᠠᠨ ᠤ ᠲᠠᠯ᠎ᠠ ᠪᠠᠷ ᠳᠠᠬᠢᠨ ᠬᠦᠴᠦᠯᠡᠵᠦ᠂ | ᠬᠠᠷᠢᠭᠤᠴᠠᠯᠭ᠎ᠠ ᠶᠢᠨ ᠲᠠᠯ᠎ᠠ ᠪᠠᠷ ᠳᠠᠬᠢᠨ ᠪᠣᠳᠠᠲᠠᠶᠢᠵᠢᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ | ᠡᠯ᠎ᠡ ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠨ ᠤ | ᠬᠠᠷᠠᠯᠲᠠ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ | | | |