| 12 ᠰᠠᠷ᠎ᠠ ᠶᠢᠨ 4 ᠤ ᠡᠳᠦᠷ᠂ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ | ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠤᠨ ᠪᠣᠯᠪᠠᠰᠤᠷᠠᠯ ᠤᠨ ᠠᠩᠭᠢ | ᠵᠠᠷᠤᠳ ᠬᠤᠰᠢᠭᠤᠨ ᠳᠤ ᠶᠠᠪᠤᠭᠳᠠᠪᠠ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ᠂ ᠬᠤᠲᠠ᠂ ᠬᠤᠰᠢᠭᠤ | ᠬᠤᠶᠠᠷ ᠱᠠᠲᠤᠨ ᠤ ᠣᠶ ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠪᠣᠯᠣᠨ ᠵᠠᠷᠤᠳ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠣᠯᠢᠩᠭᠤᠣᠯ ᠬᠤᠲᠠ ᠶᠢᠨ ᠣᠶ | ᠰᠢᠭᠤᠢ ᠶᠢᠨ ᠠᠬᠠᠯᠠᠭᠴᠢ ᠶᠢᠨ ᠠᠯᠪᠠᠨ ᠭᠡᠷ ᠤᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃ | ᠪᠣᠯᠪᠠᠰᠤᠷᠠᠯ ᠤᠨ ᠠᠩᠭᠢ ᠬᠢᠨ ᠥᠪᠥᠷ ᠮᠣᠩᠭᠤᠯ ᠤᠨ ᠰᠢᠶᠣᠣ ᠼᠤᠤ ᠲᠣᠭᠠᠴᠢᠯᠠᠭᠰᠠᠨ ᠠᠮᠢ ᠠᠬᠤᠢ ᠶᠢᠨ ᠠᠵᠤ | ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠶᠡᠷᠦᠩᠬᠡᠢ ᠬᠢᠨᠠᠭᠴᠢ ᠵᠣᠣ | ᠶᠦᠨ ᠢ ᠤᠷᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠬᠠᠯᠠᠭᠴᠢ ᠶᠢᠨ | ᠳᠦᠷᠢᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ᠂ ᠣᠶ ᠰᠢᠭᠤᠢ ᠶᠢᠨ ᠠᠬᠠᠯᠠᠭᠴᠢ ᠶᠢᠨ | ᠵᠢᠯᠣᠭᠤᠴᠢ ᠶᠢᠨ ᠥᠷᠥᠭᠡ᠂ ︽ᠣᠶ ᠰᠢᠭᠤᠢ ᠶᠢᠨ ᠠᠬᠠᠯᠠᠭᠴᠢ ᠶᠢᠨ ᠳᠦᠷᠢᠮ︾ ᠤᠨ APP᠂ ᠣᠯᠠᠨ | ᠨᠡᠶᠢᠲᠡ ᠶᠢᠨ ᠬᠢᠨᠠᠯᠲᠠ ᠲᠠᠯᠪᠢᠬᠤ ᠵᠢᠵᠢᠭ ᠫᠷᠣᠭ᠍ᠷᠠᠮ᠂ ︽ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ︾ APP | ᠵᠡᠷᠭᠡ ᠰᠢᠰᠲ᠋ᠧᠮ ᠤᠨ ᠤᠶᠠᠨ ᠲᠣᠨᠤᠭ ᠤᠨ ᠴᠢᠳᠠᠮᠵᠢ ᠦᠢᠯᠡᠳᠦᠯ ᠪᠠ ᠬᠡᠷᠡᠭᠯᠡᠬᠦ ᠠᠷᠭ᠎ᠠ ᠶᠢᠨ ᠲᠣᠭᠤᠷᠢᠨ ᠳᠤ ᠨᠠᠷᠢᠨ | ᠲᠣᠳᠣᠷᠬᠠᠢ ᠲᠠᠨᠢᠯᠴᠠᠭᠤᠯᠬᠤ ᠪᠠ ᠦᠵᠡᠭᠦᠯᠦᠭᠡ ᠶᠢᠨ ᠠᠵᠢᠯᠯᠠᠭ᠎ᠠ ᠥᠷᠨᠢᠭᠦᠯᠪᠡ᠃ ᠲᠠᠪᠴᠠᠩ ᠳᠠᠬᠢ ︽ | ᠬᠠᠷᠢᠭᠤᠴᠠᠯᠭ᠎ᠠ ᠶᠢᠨ ᠲᠣᠭᠤᠷᠢᠭ᠂ ᠬᠤᠶᠠᠷ ᠠᠵᠢᠯᠲᠠᠨ ᠤ ᠲᠤᠭ᠎ᠠ ᠪᠦᠷᠢᠳᠬᠡᠯ᠂ ᠣᠢ ᠰᠢᠭᠤᠢ ᠶᠢᠨ ᠠᠬᠠᠯᠠᠭᠴᠢ ᠶᠢᠨ | ᠲᠣᠭᠤᠷᠢᠨ ᠪᠠᠶᠢᠴᠠᠭᠠᠯᠲᠠ᠂ ᠬᠢᠨᠠᠨ ᠪᠠᠶᠢᠴᠠᠭᠠᠵᠤ ᠱᠠᠭᠠᠷᠳᠠᠨ ᠭᠦᠢᠴᠡᠳᠭᠡᠭᠦᠯᠬᠦ᠂ ᠮᠡᠳᠡᠭᠡ ᠵᠠᠩᠭᠢ ᠶᠢ ᠢᠯᠡ ᠪᠣᠯᠭᠠᠬᠤ︾ | ᠵᠡᠷᠭᠡ ᠬᠡᠰᠡᠭ ᠤᠨ ᠪᠣᠳᠠᠲᠠᠢ ᠠᠵᠢᠯᠯᠠᠬᠤ ᠠᠷᠭ᠎ᠠ ᠳᠤ ᠭᠤᠣᠯᠳᠠᠯᠭ᠎ᠠ ᠲᠠᠢ ᠲᠠᠶᠢᠯᠤᠮᠵᠢ ᠬᠢᠵᠦ᠂ ᠰᠤᠷᠤᠭᠴᠢᠳ ᠪᠠᠰᠠ | ᠲᠠᠪᠴᠠᠩ ᠢ ᠬᠡᠷᠡᠭᠯᠡᠬᠦ ᠶᠠᠪᠤᠴᠠ ᠳᠤ ᠢᠯᠡᠷᠡᠭᠰᠡᠨ ᠠᠰᠠᠭᠤᠳᠠᠯ ᠤᠨ ᠲᠤᠬᠠᠢ ᠰᠤᠳᠤᠯᠤᠨ ᠨᠡᠭᠡᠭᠡᠬᠦ ᠮᠡᠷᠭᠡᠵᠢᠯ ᠤᠨ | ᠠᠵᠢᠯᠲᠠᠨ ᠲᠠᠢ ᠰᠠᠨᠠᠯ ᠢᠶᠠᠨ ᠰᠣᠯᠢᠯᠴᠠᠪᠠ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ | ᠪᠣᠯᠪᠠᠰᠤᠷᠠᠭᠤᠯᠤᠯ ᠤᠨ ᠪᠣᠳᠠᠲᠤ ᠴᠢᠨᠠᠷ ᠪᠠ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠬᠤᠶᠢᠰᠢᠳᠠ ᠣᠶ | ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ ᠪᠠ ᠬᠠᠮᠠᠭᠠᠯᠠᠯᠲᠠ ᠶᠢ ᠴᠢᠩᠭᠠᠳᠬᠠᠬᠤ᠂ ᠣᠶ | ᠰᠢᠭᠤᠢ ᠶᠢᠨ ᠠᠬᠠᠯᠠᠭᠴᠢ ᠶᠢᠨ ᠳᠦᠷᠢᠮ ᠤᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠲᠣᠭᠠᠴᠢᠯᠠᠯᠲᠠ᠂ | ᠣᠶᠤᠨᠴᠢᠯᠠᠯᠲᠠ᠂ ᠵᠢᠷᠤᠮᠵᠢᠭᠤᠯᠤᠯᠲᠠ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠳᠤ ᠰᠠᠭᠤᠷᠢ ᠲᠠᠯᠪᠢᠵᠤ ᠥᠭᠭᠦᠭᠰᠡᠨ | ᠪᠠᠶᠢᠨ᠎ᠠ ᠭᠡᠪᠡ᠃ | ᠪᠣᠯᠪᠠᠰᠤᠷᠠᠯ ᠤᠨ ᠠᠩᠭᠢ ᠠᠴᠠ᠂ ᠣᠶ ᠰᠢᠭᠤᠢ ᠶᠢᠨ ᠠᠬᠠᠯᠠᠭᠴᠢ ᠶᠢᠨ ᠳᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠨᠢᠭᠡᠨ ᠴᠢᠬᠤᠯᠠ ᠶᠡᠭᠡ ᠳᠦᠷᠢᠮ ᠤᠨ ᠲᠣᠬᠢᠷᠠᠭᠤᠯᠤᠯᠲᠠ ᠮᠥᠨ᠂ ᠪᠥᠬᠦ ᠲᠠᠯ᠎ᠠ ᠶᠢᠨ ᠴᠢᠨᠠᠷᠲᠠᠢ᠂ | ᠣᠷᠳᠣ ᠬᠤᠭᠤᠴᠠᠭᠠᠲᠤ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠢᠬᠤᠯᠠ ᠠᠵᠢᠯ ᠤᠨ ᠡᠭᠦᠷᠭᠡ ᠮᠥᠨ᠃ | ᠡᠯ᠎ᠡ ᠪᠣᠯᠪᠠᠰᠤᠷᠠᠯ ᠳᠤ ᠣᠷᠣᠯᠴᠠᠭᠰᠠᠳ ᠲᠤᠰ ᠤᠳᠠᠭᠠᠨ ᠤ ᠪᠣᠯᠪᠠᠰᠤᠷᠠᠯ ᠢ ᠰᠣᠯᠢᠯᠴᠠᠭᠠᠨ ᠤ ᠲᠠᠪᠴᠠᠩ ᠪᠣᠯᠭᠠᠵᠤ᠂ | ᠪᠣᠯᠪᠠᠰᠤᠷᠠᠯ ᠤᠨ ᠡᠭᠦᠷᠭᠡ ᠪᠠᠨ ᠨᠠᠷᠢᠨ ᠬᠢᠨᠠᠮᠠᠭᠠᠢ ᠪᠡᠶᠡᠯᠡᠭᠦᠯᠬᠦ ᠶᠢᠨ ᠬᠠᠮᠲᠤ᠂ ᠢᠳᠡᠪᠬᠢᠲᠡᠢ ᠪᠠᠷ ᠨᠡᠪᠲᠡᠷᠡᠯᠴᠡᠵᠦ᠂ | ᠰᠠᠶᠢᠨ ᠲᠠᠢ ᠲᠠᠯ᠎ᠠ ᠶᠢ ᠨᠢ ᠠᠪᠴᠤ ᠪᠠᠭᠤᠷᠠᠢ ᠲᠠᠯ᠎ᠠ ᠪᠠᠨ ᠨᠥᠬᠦᠵᠦ᠂ ᠭᠦᠨᠵᠡᠭᠡᠢ ᠰᠤᠳᠤᠯᠤᠨ ᠶᠠᠷᠢᠯᠴᠠᠵᠤ᠂ ᠤᠢ | ᠰᠢᠭᠤᠢ ᠶᠢᠨ ᠠᠬᠠᠯᠠᠭᠴᠢ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠪᠠ | ᠰᠠᠶᠢᠨ ᠠᠷᠭ᠎ᠠ ᠬᠢᠳᠡᠯ ᠢᠶᠠᠷ ᠭᠦᠢᠴᠡᠳ ᠲᠣᠯᠢ ᠪᠣᠯᠭᠠᠬᠤ ᠶᠢᠨ ᠬᠠᠮᠲᠤ ᠥᠪᠡᠷ ᠤᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠨᠡᠩ ᠰᠠᠶᠢᠨ ᠠᠵᠢᠯ ᠤᠨ ᠰᠡᠳᠬᠢᠴᠡ ᠪᠠ ᠠᠷᠭ᠎ᠠ ᠶᠢ ᠲᠠᠰᠤᠷᠠᠯᠳᠠ ᠦᠭᠡᠢ | ᠡᠭᠦᠳᠦᠨ ᠪᠦᠲᠦᠭᠡᠵᠦ᠂ ᠡᠭᠦᠨ ᠤ ᠤᠯᠠᠮ ᠠᠴᠠ ᠦᠪᠡᠷ ᠦᠪᠡᠷ ᠤᠨ ᠠᠵᠢᠯ ᠢᠶᠠᠨ ᠭᠦᠨᠵᠡᠭᠡᠢ ᠦᠷᠨᠢᠭᠦᠯᠦᠨ | ᠠᠬᠢᠭᠤᠯᠵᠤ᠂ ᠪᠦᠬᠦ ᠬᠤᠳᠠ ᠶᠢᠨ ᠤᠢ ᠰᠢᠭᠤᠢ ᠶᠢᠨ ᠠᠬᠠᠯᠠᠭᠴᠢ ᠶᠢᠨ ᠳᠦᠷᠢᠮ ᠤᠨ ᠠᠵᠢᠯ ᠢ ᠲᠠᠬᠢᠨ ᠰᠢᠨ᠎ᠡ | ᠳᠡᠭᠲᠡᠷ ᠲᠤ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠣᠯᠪᠠᠰᠤᠷᠠᠯ ᠤᠨ ᠠᠩᠭᠢ ᠳᠤ᠂ ᠬᠤᠰᠢᠭᠤᠨ ᠤ ᠣᠶ ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ ᠪᠠᠰᠠ ᠵᠠᠷᠤᠳ ᠬᠤᠰᠢᠭᠤᠨ ᠤ ᠣᠶ ᠰᠢᠭᠤᠢ ᠶᠢᠨ ᠠᠬᠠᠯᠠᠭᠴᠢ ᠶᠢᠨ ᠳᠦᠷᠢᠮ ᠤᠨ ᠠᠵᠢᠯ | ᠥᠷᠨᠢᠭᠦᠯᠦᠭᠰᠡᠨ ᠪᠠᠶᠢᠳᠠᠯ ᠤᠨ ᠲᠤᠬᠠᠢ ᠲᠣᠪᠴᠢ ᠬᠠᠷᠢᠭᠤ ᠮᠡᠳᠡᠭᠦᠯᠦᠯᠲᠡ ᠬᠢᠪᠡ᠃ |