12 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠦ᠋ ᠫᠧᠩ ᠹᠧᠢ ᠰᠢᠶᠠᠩᠱᠠᠨ | ᠲᠠᠷᠢᠶᠠᠯᠠᠩ ᠤᠨ ᠲᠠᠯᠠᠪᠠᠢ ᠳᠤ ᠬᠦᠷᠴᠦ ᠭᠤᠣᠯ ᠰᠡᠳᠦᠪᠲᠦ ᠬᠥᠮᠦᠵᠢᠯ ᠤᠨ ᠲᠤᠬᠠᠢ ᠲᠤᠰᠬᠠᠢ ᠰᠡᠳᠦᠪᠲᠦ ᠨᠠᠮ ᠤᠨ | ᠬᠢᠴᠢᠶᠡᠯ ᠤᠷᠤᠪᠠ᠃ ᠬᠤᠷᠠᠯ ᠳᠡᠭᠡᠷ᠎ᠡ᠂ ᠦ᠋ ᠫᠧᠩ ᠹᠧᠢ ᠠᠴᠠ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ | ᠴᠢᠨᠠᠷ ᠢᠶᠠᠨ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ | ᠱᠠᠭᠠᠷᠳᠠᠯᠭ᠎ᠠ ᠶᠢᠨ ᠲᠣᠭᠤᠷᠢᠨ ᠳᠤ᠂ ︽ᠨᠠᠮ ᠤᠨ ᠠᠴᠢ ᠲᠤᠰᠠ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠰᠢᠨ᠎ᠡ ᠶᠢ ᠡᠭᠦᠳᠬᠦ᠂ ᠭᠤᠶᠢᠳᠠ ᠮᠡᠷᠭᠡᠨ᠂ | ᠡᠷᠡᠰ ᠴᠢᠩᠭ᠎ᠠ᠂ ᠦᠪᠡᠷ ᠢ ᠪᠠᠨ ᠢᠳᠡᠭᠡᠬᠦ ᠶᠢᠨ ᠷᠢᠳᠢ ᠰᠢᠳᠢ ᠵᠡᠷᠭᠡ ᠶᠢᠰᠦᠨ ᠲᠠᠯ᠎ᠠ ᠶᠢᠨ ᠠᠭᠤᠯᠭ᠎ᠠ ᠪᠠᠷ ᠨᠠᠷᠢᠨ | ᠲᠠᠶᠢᠯᠪᠤᠷᠢ ᠬᠢᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠭᠤᠣᠯ | ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃ | | | |