ᠵᠠᠷᠤᠳ ᠬᠤᠰᠢᠭᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠲᠠᠲᠠᠪᠤᠷᠢᠯᠠᠨ ᠲᠤᠰᠢᠶᠠᠬᠤ ᠵᠢᠴᠢ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠦᠨ ᠬᠡᠷᠡᠭᠯᠡᠬᠦ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/12/6
    12 ᠰᠠᠷ᠎ᠠ ᠶᠢᠨ 5 ᠤ ᠡᠳᠦᠷ᠂ ᠵᠠᠷᠤᠳ ᠬᠤᠰᠢᠭᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠲᠠᠲᠠᠪᠤᠷᠢᠯᠠᠨ ᠲᠤᠰᠢᠶᠠᠬᠤ ᠵᠢᠴᠢ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠦᠨ ᠬᠡᠷᠡᠭᠯᠡᠬᠦ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠢᠪᠡ ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠰᠤᠮᠤ ᠪᠠᠯᠭᠠᠰᠤ ᠲᠠᠯᠠᠪᠠᠢ ᠶᠢᠨ ᠭᠤᠣᠯ ᠤᠳᠤᠷᠢᠳᠤᠯᠭ᠎ᠠ ᠵᠢᠴᠢ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠬᠤᠶᠠᠷ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠲᠠᠰᠤᠭ ᠤᠨ ᠠᠵᠢᠯᠲᠠᠳ ᠬᠤᠷᠠᠯ ᠳᠤ ᠣᠷᠣᠯᠴᠠᠪᠠ᠃     ᠶᠣᠣ ᠼᠠᠢ ᠶᠠᠨ ᠵᠢᠭᠠᠪᠣᠷᠢᠯᠠᠭᠰᠠᠨ ᠨᠢ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠣᠯ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠥᠭᠡᠷᠡᠴᠢᠯᠡᠯᠲᠡ ᠶᠢ ᠥᠷᠭᠡᠳᠬᠡᠬᠦ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠪᠥᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠤᠨ ᠬᠥᠭᠵᠢᠯᠲᠡ ᠳᠤ ᠰᠠᠭᠤᠷᠢ ᠲᠠᠯᠪᠢᠬᠤ᠂ ᠪᠥᠬᠦ ᠲᠠᠯ᠎ᠠ ᠳᠤ ᠬᠤᠯᠪᠣᠭᠳᠠᠬᠤ ᠂ ᠠᠯᠤᠰ ᠬᠡᠲᠦ ᠳᠤ ᠠᠰᠢᠭᠲᠠᠢ ᠴᠢᠬᠤᠯᠠ ᠶᠠᠪᠤᠳᠠᠯ ᠮᠥᠨ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠬᠢᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠲᠠᠯ᠎ᠠ ᠪᠠᠷ ᠳᠠᠬᠢᠨᠳᠠ ᠪᠣᠳᠠᠲᠠᠶᠢᠵᠢᠭᠤᠯᠵᠤ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠨ᠂ ᠪᠡᠶ᠎ᠡ ᠪᠠᠷ ᠢᠶᠠᠨ ᠠᠬᠢᠭᠤᠯᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠰᠢᠭᠤᠳ ᠠᠳᠬᠤᠨ᠂ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠵᠤ᠂ ᠲᠣᠬᠢᠷᠠᠭᠤᠯᠤᠨ ᠪᠠᠶᠢᠷᠢᠯᠠᠭᠤᠯᠣᠯᠲᠠ ᠪᠠᠨ ᠪᠣᠲᠠᠲᠠᠶᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠠᠵᠢᠯ ᠢᠶᠠᠨ ᠨᠠᠶᠢᠲᠠᠪᠣᠷᠢᠵᠢᠭᠤᠯᠣᠨ ᠪᠣᠳᠠᠲᠠᠶᠢᠵᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠤᠶᠠᠷ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠬᠢᠨ ᠬᠢᠨᠠᠯᠲᠠ ᠲᠠᠯᠪᠢᠬᠤ ᠪᠠ ᠪᠠᠶᠢᠴᠠᠭᠠᠬᠤ ᠪᠠᠨ ᠦᠨᠡᠨᠬᠦ ᠴᠢᠩᠭᠠᠳᠬᠠᠵᠤ᠂ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠵᠦ᠂ ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠵᠠᠷᠤᠳ ᠨᠡᠶᠢᠲᠡᠯᠡᠯ᠂ ᠭᠠᠷ ᠤᠲᠠᠰᠤᠨ ᠤ ᠲᠠᠪᠴᠠᠩ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠳᠥᠭᠦᠮ ᠳᠥᠲᠡ ᠴᠢᠨᠠᠷ ᠪᠠ ᠳᠠᠭᠠᠳᠬᠠᠯ ᠳᠤ ᠣᠷᠣᠯᠴᠠᠬᠤ ᠠᠵᠢᠯ ᠤᠨ ᠴᠢᠬᠤᠯᠠ ᠴᠢᠨᠠᠷ ᠢ ᠤᠬᠠᠭᠤᠯᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠭᠤᠶᠤᠴᠢᠯᠠᠨ ᠠᠪᠬᠤ᠂ ᠢᠳᠡᠪᠬᠢᠵᠢᠬᠦᠯᠬᠦ ᠪᠠ ᠬᠡᠷᠡᠭᠯᠡᠬᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠪᠡ᠃     ᠶᠣᠣ ᠼᠠᠢ ᠶᠠᠨ ᠴᠢᠬᠤᠯᠠᠴᠢᠯᠠᠭᠰᠠᠨ ᠨᠢ᠂ ᠬᠤᠰᠢᠭᠤᠨ ᠤ ᠠᠷᠠᠳ ᠤᠨ ᠶᠠᠪᠤᠳᠠᠯ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠬᠢᠨ ᠬᠤᠪᠢᠳᠠᠨ ᠬᠠᠮᠢᠶᠠᠷᠴᠤ ᠪᠠᠶᠢᠭ᠎ᠠ ᠡᠲᠡᠭᠡᠳ ᠤᠨ ᠢᠶᠠᠨ ᠪᠡᠶ᠎ᠡ ᠶᠢᠨ ᠭᠠᠷᠤᠯ ᠢ ᠢᠯᠭᠠᠨ ᠲᠠᠨᠢᠬᠤ᠂ ᠠᠪᠤᠷᠠᠨ ᠲᠤᠰᠠᠯᠠᠬᠤ᠂ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠶᠢ ᠳᠠᠶᠢᠴᠢᠯᠠᠬᠤ ᠠᠵᠢᠯ ᠢ ᠬᠠᠮᠵᠢᠨ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠤ 100% ᠪᠠᠷ ᠳᠠᠭᠠᠳᠬᠠᠯ ᠳᠤ ᠣᠷᠣᠯᠴᠠᠬᠤ ᠶᠢ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠢ  ᠳᠤᠨᠢ ᠬᠦᠷᠲᠡᠭᠡᠬᠦ ᠬᠡᠷᠡᠭᠲᠡᠢ᠃ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠬᠢᠨ ︽ᠰᠢᠨ᠎ᠡ ᠲᠦᠷᠦᠭᠰᠡᠨ ᠬᠡᠤᠬᠡᠳ ᠤᠨ ᠶᠠᠪᠣᠳᠠᠯ ᠢ ᠨᠢᠭᠡ ᠶᠠᠪᠤᠳᠠᠯ ᠪᠣᠯᠭᠠᠨ ᠬᠠᠮᠲᠤᠷᠠᠨ ᠭᠦᠢᠴᠡᠳᠬᠡᠬᠦ︾ ᠶᠢ ᠢᠳᠡᠪᠬᠢᠲᠡᠢ ᠪᠠᠷ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠢᠨ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠵᠣᠬᠢᠶᠠᠨ ᠪᠠᠶᠢᠭᠤᠯᠤᠨ ᠳᠠᠭᠠᠳᠬᠠᠯ ᠳᠤ ᠣᠷᠣᠯᠴᠠᠬᠤ ᠶᠢ ᠳᠠᠶᠢᠴᠢᠯᠠᠨ ᠰᠦᠢᠳᠬᠡᠯ ᠲᠤᠰᠢᠶᠠᠬᠤ ᠠᠵᠢᠯ ᠢ ᠰᠠᠶᠢᠲᠤᠷ ᠥᠷᠨᠢᠭᠦᠯᠵᠦ᠂ ᠰᠤᠷᠣᠭᠴᠢ ᠪᠦᠬᠦᠨ ᠤ ᠰᠤᠷᠭᠠᠭᠤᠯᠢ ︵ᠴᠡᠴᠡᠷᠯᠢᠭ︶ ᠳᠤ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠡᠮ ᠡᠮᠨᠡᠯᠭᠡ ᠶᠢᠨ ᠳᠠᠭᠠᠳᠬᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠢᠨ ᠬᠥᠯᠥᠰᠦᠨ ᠠᠵᠢᠯᠴᠢᠨ᠂ ᠠᠮᠢᠳᠤᠯᠢᠭ ᠢᠶᠠᠷ ᠠᠵᠢᠯ ᠣᠯᠣᠭᠰᠠᠳ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠥᠮᠥᠰ ᠲᠤ ᠣᠨᠣᠴᠠᠲᠠᠢ ᠪᠠᠷ ᠦᠢᠯᠡᠴᠢᠯᠡᠵᠦ᠂ ᠣᠯᠠᠨ ᠲᠦᠮᠡᠨ ᠤ ᠪᠠᠲᠤᠯᠠᠬᠤ ᠶᠣᠰᠣᠲᠠᠢ ᠶᠢ  ᠨᠢ ᠴᠥᠮ ᠪᠠᠲᠤᠯᠠᠬᠤ ᠬᠡᠷᠡᠭᠲᠡᠢ᠃ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠬᠦ ᠠᠵᠢᠯ ᠳᠤ ︽ᠺᠠᠷᠲ ᠠᠴᠠ ᠰᠠᠯᠵᠤ ᠡᠮᠨᠡᠭᠦᠯᠬᠦ︾ ᠰᠢᠨ᠎ᠡ ᠵᠠᠭᠪᠤᠷ ᠢ ᠠᠯᠬᠤᠮ ᠠᠯᠬᠤᠮ ᠢᠶᠠᠷ ᠡᠬᠢᠯᠡᠭᠦᠯᠵᠦ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠪᠥᠬᠦ ᠶᠠᠪᠤᠴᠠ ᠶᠢᠨ ᠲᠤᠬᠠᠶᠢᠯᠠᠭᠰᠠᠨ ᠠᠵᠢᠯ ᠢ ︽ᠺᠠᠷᠲ ᠢᠶᠠᠷ ᠳ᠋ᠦᠩᠨᠡᠨ ᠪᠤᠳᠤᠬᠤ︾᠂ ︽ᠮᠡᠷᠭᠡᠨ ᠴᠣᠬᠤᠷ ᠢᠶᠠᠷ ᠳ᠋ᠦᠩᠨᠡᠨ ᠪᠤᠳᠤᠬᠤ︾ ᠠᠴᠠ ︽ᠵᠢᠰᠦ ᠪᠠᠨ ᠲᠣᠯᠢᠳᠠᠨ ᠪᠤᠳᠤᠬᠤ︾ ᠪᠣᠯᠭᠠᠨ᠂ ︽  ᠴᠣᠩᠬᠤᠪᠴᠢ ᠪᠠᠷ ᠭᠦᠢᠴᠡᠳᠬᠡᠬᠦ︾᠂ ︽ᠠᠯᠠᠭᠠᠨ ᠳᠡᠭᠡᠷ᠎ᠡ ᠭᠦᠢᠴᠡᠳᠬᠡᠬᠦ︾ ᠠᠴᠠ ︽ᠵᠢᠰᠦ ᠪᠠᠨ ᠲᠣᠯᠢᠳᠠᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠨᠠᠩ ᠳᠥᠭᠦᠮ ᠳᠥᠲᠡ ᠲᠦᠷᠭᠡᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠪᠡᠶᠡᠯᠡᠭᠦᠯᠬᠦ ᠬᠡᠷᠡᠭᠲᠡᠢ ᠭᠡᠪᠡ᠃     ᠬᠤᠷᠠᠯ ᠳᠡᠭᠡᠷ᠎ᠡ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ ᠲᠤᠰᠢᠶᠠᠭᠰᠠᠨ ᠵᠢᠴᠢ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠦᠨ ᠬᠡᠷᠡᠭᠯᠡᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠵᠠᠷᠢᠮ ᠰᠤᠮᠤ ᠪᠠᠯᠭᠠᠰᠤ ᠲᠠᠯᠠᠪᠠᠢ ᠶᠢᠨ ᠭᠤᠣᠯ ᠤᠳᠤᠷᠢᠳᠤᠯᠭ᠎ᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号