| 12 ᠰᠠᠷ᠎ᠠ ᠶᠢᠨ 5 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ | ᠂ ᠳᠡᠳ᠋ ᠲᠡᠷᠢᠭᠦᠯᠡᠭᠴᠢ ᠸᠠᠩ ᠴᠧᠩ ᠬᠠᠮᠲᠤ ᠶᠠᠪᠣᠭᠰᠠᠳ ᠲᠠᠢ ᠪᠠᠨ ᠪᠠᠶᠠᠨᠲᠠᠯ᠎ᠠ ᠰᠤᠮᠤ ᠳᠤ ᠬᠦᠷᠴᠦ ᠣᠳᠣᠬᠠᠨ ᠤ | ᠭᠤᠣᠯᠳᠠᠯᠭ᠎ᠠ ᠲᠠᠢ ᠠᠵᠢᠯ ᠢ ᠬᠢᠨᠠᠨ ᠵᠢᠯᠤᠭᠤᠳᠴᠤ ᠱᠠᠭᠠᠷᠳᠠᠨ ᠪᠠᠶᠢᠴᠠᠭᠠᠪᠠ᠂ ᠰᠤᠮᠤᠨ ᠤ ᠭᠤᠣᠯ ᠤᠳᠤᠷᠢᠳᠤᠯᠭ᠎ᠠ | ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃ | | | ᠯᠢᠦ ᠶᠦᠩ ᠬᠠᠮᠲᠤ ᠶᠠᠪᠣᠭᠰᠠᠳ ᠲᠠᠢ ᠪᠠᠨ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠡᠷᠦᠭᠡ ᠳᠤ ᠬᠦᠷᠴᠦ | ᠰᠤᠷᠪᠤᠯᠵᠢᠯᠠᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠰᠤᠮᠤᠨ ᠤ | ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠠᠵᠢᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠣᠭᠰᠠᠨ᠂ ᠠᠵᠤ ᠦᠢᠯᠡᠰ ᠢ | ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠱᠠᠭᠠᠷᠳᠠᠨ ᠪᠠᠶᠢᠴᠠᠭᠠᠵᠤ ᠵᠢᠭᠠᠨ ᠵᠢᠯᠤᠭᠤᠳᠬᠤ ᠶᠢᠨ ᠬᠠᠮᠲᠤ | ᠳᠠᠷᠠᠭᠠᠴᠢ ᠶᠢᠨ ᠠᠯᠬᠤᠮ ᠤᠨ ᠠᠵᠢᠯ ᠢ ᠥᠷᠨᠢᠭᠦᠯᠬᠦ ᠲᠤᠬᠠᠢ ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠪᠠ ᠰᠠᠨᠠᠭᠤᠯᠭ᠎ᠠ | ᠳᠣᠷᠠᠳᠪᠠ᠃ | ᠨᠢᠭᠡ ᠳᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠠᠵᠢᠯ ᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ᠃ ᠣᠯᠠᠨ ᠲᠦᠮᠡᠨ ᠤ ᠣᠷᠣᠯᠭ᠎ᠠ᠂ ︽ᠬᠤᠶᠠᠷ ᠲᠤ ᠵᠣᠪᠠᠭ᠋ᠤ | ᠦᠭᠡᠢ᠂ ᠭᠤᠷᠪᠠ ᠶᠢ ᠪᠠᠲᠤᠯᠠᠬᠤ︾᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠯ᠎ᠡ ᠲᠥᠷᠥᠯ ᠤᠨ | ᠤᠶᠠᠨ ᠲᠣᠨᠤᠭ ᠮᠠᠲ᠋ᠧᠷᠢᠶᠠᠯ ᠢ ᠲᠡᠭᠦᠯᠳᠡᠷᠵᠢᠭᠦᠯᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ | ᠲᠣᠰᠬᠤᠨ ᠡᠷᠦᠬᠡ ᠬᠥᠮᠥᠨ ᠨᠢᠭᠡᠪᠦᠷᠢ ᠶᠢ ᠨᠢᠭᠡᠳ ᠨᠢᠭᠡ ᠪᠠᠷ ᠰᠢᠭᠰᠢᠨ ᠪᠠᠶᠢᠴᠠᠭᠠᠵᠤ᠂ ᠵᠢᠭᠰᠠᠭᠠᠨ ᠪᠠᠶᠢᠴᠠᠭᠠᠬᠤ ᠳᠤ | ᠣᠷᠬᠢᠭᠳᠠᠭᠤᠯᠤᠯ ᠦᠭᠡᠢ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠠᠢ ᠪᠠᠶᠢᠬᠤ ᠶᠢ ᠪᠡᠶᠡᠯᠡᠭᠦᠯᠵᠦ᠂ ᠡᠯ᠎ᠡ | ᠵᠦᠢᠯ ᠤᠨ ᠠᠵᠢᠯ ᠢ ᠦᠨᠡᠨ ᠬᠦ ᠨᠠᠷᠢᠯᠢᠭ ᠪᠥᠭᠡᠳ ᠪᠣᠲᠠᠲᠠᠶᠢᠵᠢᠭᠤᠯᠬᠤ ᠬᠡᠷᠡᠭᠲᠡᠢ᠃ ᠬᠤᠶᠠᠷ ᠲᠤ ᠣᠨᠴᠠᠯᠢᠭᠲᠤ | ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠲᠤᠬᠠᠢ ᠶᠢᠨ ᠭᠠᠵᠠᠷ ᠤᠨ | ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠲᠤᠬᠠᠢ ᠶᠢᠨ ᠭᠠᠵᠠᠷ ᠤᠨ ᠬᠥᠭᠵᠢᠯᠲᠡ ᠳᠤ ᠲᠣᠬᠢᠷᠠᠬᠤ | ᠣᠨᠴᠠᠯᠢᠭᠲᠤ ᠰᠢᠨ᠎ᠡ ᠬᠡᠯᠪᠡᠷᠢ ᠶᠢᠨ ᠠᠵᠤ ᠦᠢᠯᠡᠰ ᠢ ᠡᠷᠢᠯᠬᠢᠯᠡᠵᠦ᠂ ᠢᠷᠡᠬᠦ ᠵᠢᠯ ᠤᠨ ᠠᠵᠤ ᠦᠢᠯᠡᠰ ᠤᠨ | ᠬᠥᠭᠵᠢᠯᠲᠡ ᠶᠢ ᠰᠠᠶᠢᠲᠤᠷ ᠲᠥᠯᠥᠪᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠳᠣᠲᠣᠭᠠᠳᠤ ᠶᠢᠨ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠪᠡ᠃ | |