ᠵᠠᠷᠤᠳ ᠬᠤᠰᠢᠭᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠤᠨ ᠬᠤᠷᠠᠯ  ᠬᠢᠪᠡ
ᠨᠡᠶᠢᠲᠡᠯᠡᠭᠰᠡᠨ ᠴᠠᠭ᠄
2023/12/8
   12 ᠰᠠᠷ᠎ᠠ ᠶᠢᠨ 6 ᠤ ᠡᠳᠦᠷ᠂ ᠵᠠᠷᠤᠳ ᠬᠤᠰᠢᠭᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠵᠤ᠂ ᠡᠯ᠎ᠡ ᠬᠤᠯᠪᠣᠭᠳᠠᠯ ᠪᠦᠬᠦᠢ ᠰᠤᠮᠤ ᠪᠠᠯᠭᠠᠰᠤ ᠲᠠᠯᠠᠪᠠᠶ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠣᠨ ᠬᠤᠰᠢᠭᠤᠨ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠰᠢᠮᠳᠠᠭᠤᠯᠤᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ ᠵᠢᠴᠢ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠬᠠᠮᠢᠶ᠎ᠠ ᠪᠦᠬᠦᠢ ᠲᠠᠰᠤᠭ ᠤᠨ ᠠᠵᠢᠯᠲᠠᠳ ᠬᠤᠷᠠᠯ ᠳᠤ ᠤᠷᠤᠯᠴᠠᠪᠠ᠃
微信图片_20231208091331.jpg
    ᠳ᠋ᠢᠩ ᡁᠢ ᠭᠠᠩ ᠵᠢᠭᠠᠪᠤᠷᠢᠯᠠᠭᠰᠠᠨ ᠨᠢ᠂ ᠨᠡᠶᠢᠭᠡᠮ ᠤᠨ ᠳᠠᠭᠠᠳᠬᠠᠯ ᠪᠣᠯ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠲᠥᠪ ᠭᠤᠥᠯᠴᠢ ᠶᠢ ᠬᠠᠮᠠᠭᠠᠯᠠᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠦᠨᠳᠦᠰᠦᠨ ᠳᠦᠷᠢᠮ ᠤᠨ ᠪᠠᠲᠤᠯᠠᠭ᠎ᠠ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠲᠦᠮᠡᠨ ᠳᠤ ᠬᠠᠮᠲᠤ ᠪᠠᠷ ᠡᠳ᠋ᠯᠡᠭᠦᠯᠬᠦ ᠶᠢ ᠪᠡᠶᠡᠯᠡᠭᠦᠯᠬᠦ ᠴᠢᠬᠤᠯᠠ ᠳᠦᠷᠢᠮ ᠤᠨ ᠲᠣᠬᠢᠷᠠᠭᠤᠯᠤᠯᠲᠠ ᠮᠥᠨ᠂ ᠲᠡᠷᠡ ᠨᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠬᠢᠷᠠᠭᠤᠯᠤᠭᠤᠷ᠂ ᠠᠵᠤ ᠠᠬᠤᠢ ᠶᠢᠨ ᠠᠵᠢᠯᠯᠠᠭᠠᠨ ᠤ ᠳᠣᠷᠭᠢᠯᠲᠠ ᠳᠤ ᠨᠠᠮᠳᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ ᠪᠠᠶᠢᠳᠠᠭ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠥᠨᠳᠥᠷᠴᠡ ᠠᠴᠠ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠤᠳᠠᠭᠠᠨ ᠤ ᠬᠡᠪᠴᠢᠶ᠎ᠡ ᠶᠢ ᠥᠷᠭᠡᠳᠬᠡᠨ ᠲᠠᠲᠠᠪᠤᠷᠢᠯᠠᠨ ᠲᠤᠰᠢᠶᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰ ᠤᠳᠠᠭᠠᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃     
微信图片_20231208091327.jpg
    ᠳ᠋ᠢᠩ ᡁᠢ ᠭᠠᠩ ᠴᠢᠬᠤᠯᠠᠴᠢᠯᠠᠬᠤ ᠳᠠᠭᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠵᠢᠯ ᠤᠨ ᠡᠴᠦᠰ ᠤᠨ ᠡᠯ᠎ᠡ ᠵᠦᠢᠯ ᠤᠨ ᠬᠢᠨᠠᠨ ᠰᠢᠯᠭᠠᠵᠤ ᠬᠢᠨᠠᠨ ᠵᠢᠯᠤᠭᠤᠳᠬᠤ ᠠᠵᠢᠯ ᠤᠨ ᠡᠭᠦᠷᠭᠡ ᠲᠠᠢ ᠪᠠᠨ ᠤᠶᠠᠯᠳᠤᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶᠢᠯᠠᠯ ᠢ ᠰᠤᠷᠪᠤᠯᠵᠢᠯᠠᠵᠤ᠂ ᠡᠯ᠎ᠡ ᠰᠠᠯᠠᠭ᠎ᠠ ᠮᠥᠴᠢᠷ ᠠᠴᠠ ᠲᠤᠰᠬᠠᠢ ᠬᠥᠮᠥᠨ ᠰᠣᠩᠭᠤᠨ ᠲᠣᠭᠲᠠᠭᠠᠵᠤ ᠬᠠᠮᠵᠢᠯᠴᠠᠬᠤ ᠬᠡᠷᠡᠭᠲᠡᠢ︔ ᠭᠦᠢᠴᠡᠳ ᠤᠬᠠᠭᠤᠯᠤᠨ ᠲᠦᠭᠡᠮᠡᠯᠵᠢᠭᠦᠯᠵᠦ᠂ ᠠᠵᠢᠯᠲᠠᠨ ᠢ ᠵᠣᠬᠢᠶᠠᠨ ᠪᠠᠶᠢᠭᠤᠯᠤᠨ ᠠᠵᠤ ᠠᠬᠤᠶᠢᠯᠠᠯ᠂ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ᠂ ᠡᠯ᠎ᠡ ᠲᠠᠯ᠎ᠠ ᠶᠢᠨ  ᠬᠢᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠤᠬᠠᠮᠰᠠᠷ ᠢ ᠨᠡᠮᠡᠭᠳᠡᠭᠦᠯᠦᠨ᠂ ᠠᠵᠢᠯᠲᠠᠨ ᠠᠵᠢᠯᠴᠢᠨ ᠳᠤ ᠲᠣᠰ ᠪᠡᠶ᠎ᠡ ᠶᠢᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠡᠷᠬᠡ ᠶᠢ ᠭᠦᠢᠴᠡᠳ ᠣᠶᠢᠯᠠᠭᠠᠭᠤᠯᠵᠤ᠂ ᠲᠣᠰ ᠨᠢᠭᠡᠴᠡ ᠶᠢᠨ ᠢᠶᠠᠨ ᠲᠡᠭᠦᠨ ᠳᠤ ᠰᠦᠢᠳᠬᠡᠯ ᠲᠤᠰᠢᠶᠠᠵᠤ ᠥᠭᠭᠦᠭᠰᠡᠨ ᠡᠰᠡᠬᠦ ᠵᠡᠷᠭᠡ ᠪᠠᠶᠢᠳᠠᠯ ᠳᠤ ᠬᠢᠨᠠᠯᠲᠠ ᠲᠠᠯᠪᠢᠬᠤ ᠡᠷᠬᠡ ᠲᠠᠢ ᠪᠠᠶᠢᠬᠤ ᠶᠢ ᠮᠡᠳᠡᠭᠦᠯᠬᠦ ᠬᠡᠷᠡᠭᠲᠡᠢ︔ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠬᠥᠮᠥᠨ ᠬᠡᠷᠡᠭᠯᠡᠬᠦ ᠨᠢᠭᠡᠴᠢ ᠶᠢᠨ ᠬᠥᠳᠡᠯᠮᠦᠷᠢ ᠶᠢᠨ ᠬᠦᠴᠦᠨ ᠬᠡᠷᠡᠭᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯᠴᠢᠨ ᠬᠡᠷᠡᠭᠯᠡᠬᠦ ᠳᠤ ᠵᠠᠪᠠᠯ ᠳᠠᠭᠠᠳᠬᠠᠯ ᠳᠤ ᠣᠷᠣᠯᠴᠠᠬᠤ᠂ ᠳᠠᠭᠠᠳᠬᠠᠯ ᠳᠤ ᠣᠷᠣᠯᠴᠠᠬᠤ ᠳᠤ ᠵᠠᠪᠠᠯ ᠰᠦᠢᠳᠬᠡᠯ ᠲᠤᠰᠢᠶᠠᠬᠤ ᠶᠢ ᠪᠡᠶᠡᠯᠡᠭᠦᠯᠬᠦ ᠬᠡᠷᠡᠭᠲᠡᠢ︔ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠥᠯᠥᠰᠦᠨ ᠠᠵᠢᠯᠴᠢᠨ ᠲᠠᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠯᠴᠠᠨ ᠰᠦᠢᠳᠬᠡᠯ ᠲᠤᠰᠢᠶᠠᠬᠤ ᠶᠢ ᠰᠢᠮᠳᠠᠭᠤᠯᠵᠤ᠂ ᠤᠷᠤᠯᠴᠠᠪᠠᠯ ᠵᠤᠬᠢᠬᠤ ᠪᠦᠬᠦᠨ ᠢ  ᠤᠷᠤᠯᠴᠠᠭᠤᠯᠵᠦ᠂ ᠲᠤᠰᠢᠶᠠᠪᠠᠯ ᠵᠤᠬᠢᠬᠤ ᠪᠦᠬᠦᠨ ᠢ ᠲᠤᠰᠢᠶᠠᠯᠭᠠᠬᠤ ᠶᠢ ᠠᠬᠢᠭᠤᠯᠬᠤ ᠬᠡᠷᠡᠭᠲᠡᠢ︔ ᠡᠯ᠎ᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠲᠦᠷᠦᠯ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠣᠲᠣᠭᠠᠳᠤ ᠳᠠᠭᠠᠨ ᠥᠪᠡᠷ ᠢ ᠪᠠᠨ ᠪᠠᠶᠢᠴᠠᠭᠠᠬᠤ ᠶᠢ ᠰᠠᠶᠢᠲᠤᠷ ᠬᠢᠵᠦ᠂ ᠲᠤᠰᠢᠶᠠᠪᠠᠯ ᠵᠤᠬᠢᠬᠤ ᠪᠦᠬᠦᠨ ᠢ ᠲᠤᠰᠢᠶᠠᠬᠤ ᠬᠡᠷᠡᠭᠲᠡᠢ᠃ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠬᠤᠶᠠᠷ ᠠᠯᠪᠠᠨ ᠭᠡᠷ ᠤᠨ ᠰᠢᠮᠳᠠᠭᠤᠯᠤᠨ ᠪᠠᠶᠢᠴᠠᠭᠠᠬᠤ ᠲᠠᠰᠤᠭ ᠨᠢ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠤᠨ᠂ ᠨᠠᠷᠢᠨ ᠨᠢᠭᠲᠠ ᠰᠢᠮᠳᠠᠭᠤᠯᠤᠨ ᠪᠠᠶᠢᠴᠠᠭᠠᠬᠤ ᠲᠥᠯᠥᠪᠯᠡᠭᠡ ᠲᠣᠭᠲᠠᠭᠠᠵᠤ᠂ ᠬᠦᠴᠦᠨ ᠢᠶᠠᠨ ᠲᠥᠪᠯᠡᠷᠡᠭᠦᠯᠦᠨ ᠰᠢᠮᠳᠠᠭᠤᠯᠤᠨ ᠪᠠᠶᠢᠴᠠᠭᠠᠵᠤ᠂ ᠲᠡᠷᠢᠭᠦᠨ ᠤ ᠬᠢ ᠶᠢ ᠵᠣᠷᠢᠭᠵᠢᠭᠤᠯᠤᠨ᠂ ᠬᠤᠴᠤᠷᠤᠩᠭᠤᠢ ᠶᠢ ᠱᠠᠭᠠᠷᠳᠠᠵᠤ᠂ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃     ᠬᠤᠷᠠᠯ ᠠᠴᠠ ᠪᠠᠰᠠ 2023 ᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠭᠰᠡᠨ ᠠᠵᠢᠯ ᠤᠨ ᠪᠠᠶᠢᠳᠠᠯ ᠢ ᠨᠡᠶᠢᠳᠡᠯᠡᠵᠦ᠃ ᠬᠡᠰᠡᠭ ᠰᠠᠯᠠᠭ᠎ᠠ ᠮᠥᠴᠢᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠦᠭᠡ ᠬᠡᠯᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号