| 12 ᠰᠠᠷ᠎ᠠ ᠶᠢᠨ 7 ᠤ ᠡᠳᠦᠷ᠂ ᠵᠠᠷᠤᠳ ᠬᠤᠰᠢᠭᠤ ᠠᠷᠪᠠᠨ ᠲᠠᠪᠤᠳᠤᠭᠠᠷ ᠤᠳᠠᠭ᠎ᠠ ᠶᠢᠨ ᠬᠤᠰᠢᠭᠤᠨ ᠤ | ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠣᠷᠣᠯᠴᠠᠯᠭ᠎ᠠ ︵ᠥᠷᠭᠡᠳᠬᠡᠭᠰᠡᠨ︶ ᠶᠢᠨ | ᠬᠤᠷᠠᠯ ᠬᠢᠪᠡ᠃ ᠦ᠋ ᠴᠢᠩ ᠬᠠᠢ᠂ ᠯᠢᠦ ᠶᠦᠩ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠤ᠂ | ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠯᠦᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ | ᠬᠤᠷᠢᠶ᠎ᠠ ᠶᠢᠨ ᠳᠡᠳ᠋ ᠱᠦᠵᠢ᠂ ᠤᠬᠠᠭᠤᠯᠬᠤ ᠭᠡᠰᠢᠭᠦᠨ ᠪᠣᠯᠣᠨ ᠬᠤᠰᠢᠭᠤᠨ ᠤ ᠰᠢᠭᠤᠳ ᠬᠠᠷᠢᠶ᠎ᠠ ᠡᠯ᠎ᠡ | ᠰᠢᠰᠲ᠋ᠧᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ᠂ ᠬᠤᠰᠢᠭᠤᠨ ᠤ | ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠬᠤᠷᠠᠯ ᠳᠤ ᠣᠷᠣᠯᠴᠠᠪᠠ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠤ ᠡᠷᠭᠢᠯᠡᠪᠡ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᡂᠢ ᠵᠢᠶᠠ ᠵᠢᠩ | ᠪᠠᠭᠰᠢ ︽ᠬᠠᠤᠯᠢ ᠪᠠᠷ ᠤᠯᠤᠰ ᠢᠶᠠᠨ ᠪᠦᠬᠦ ᠲᠠᠯ᠎ᠠ ᠪᠠᠷ ᠵᠠᠰᠠᠬᠤ ᠶᠢ ᠪᠠᠷᠢᠮᠲᠠᠯᠠᠵᠤ ᠬᠠᠤᠯᠢ ᠪᠠᠷ ᠳᠤᠮᠳᠠᠳᠤ | ᠤᠯᠤᠰ ᠢᠶᠠᠨ ᠵᠠᠰᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠶ᠎ᠠ︾ ᠭᠡᠬᠦ ᠰᠡᠳᠦᠪ ᠢᠶᠠᠷ᠂ ᠰᠢ ᠶᠢᠨ ᠫᠢᠩ ᠤᠨ | ᠬᠠᠣᠯᠢ ᠪᠠᠷ ᠵᠠᠰᠠᠬᠤ ᠦᠵᠡᠯ ᠰᠠᠨᠠᠭᠠᠨ ᠤ ᠪᠦᠷᠢᠯᠳᠦᠯ ᠵᠢᠴᠢ ᠠᠴᠢ ᠬᠤᠯᠪᠣᠭᠳᠠᠯ ᠤᠨ ᠲᠣᠭᠤᠷᠢᠨ ᠳᠤ᠂ ᠰᠢ ᠶᠢᠨ | ᠫᠢᠩ ᠤᠨ ᠬᠠᠣᠯᠢ ᠪᠠᠷ ᠵᠠᠰᠠᠬᠤ ᠦᠵᠡᠯ ᠰᠠᠨᠠᠭᠠᠨ ᠤ ᠭᠤᠣᠯ ᠠᠭᠤᠯᠭ᠎ᠠ᠂ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠰᠤᠳᠠᠰᠤ ᠪᠣᠯᠭᠠᠵᠤ᠂ ︽ᠠᠷᠪᠠᠨ ᠨᠢᠭᠡ ᠶᠢ | ᠪᠠᠷᠢᠮᠲᠠᠯᠠᠬᠤ︾ ᠠᠴᠠ ᠭᠠᠷᠳᠠᠵᠤ᠂ ᠣᠯᠠᠨ ᠳᠤ ︽ᠶᠠᠭᠤ ᠪᠤᠶ᠂ ᠶᠠᠭᠤᠨ ᠳᠤ ᠪᠤᠶ᠂ ᠶᠠᠭᠠᠬᠢᠵᠤ ᠬᠢᠬᠦ ᠪᠤᠶ︾ ᠭᠡᠬᠦ | ᠠᠰᠠᠭᠤᠳᠠᠯ ᠢ ᠰᠢᠰᠲ᠋ᠧᠮ ᠲᠠᠢ ᠪᠥᠭᠡᠳ ᠪᠦᠬᠦ ᠲᠠᠯ᠎ᠠ ᠪᠠᠷ᠂ ᠭᠦᠨᠵᠡᠭᠡᠢ ᠪᠥᠭᠡᠳ ᠳᠥᠭᠦᠮᠬᠡᠨ ᠢᠶᠠᠷ ᠲᠠᠶᠢᠯᠪᠤᠷᠢᠯᠠᠨ | ᠥᠭᠴᠦ᠂ ᠴᠠᠭ ᠬᠤᠭᠤᠴᠠᠭᠠᠨ ᠤ ᠠᠯᠤᠰᠯᠠᠯ᠂ ᠰᠡᠳᠬᠢᠴᠡ ᠶᠢᠨ ᠬᠡᠮᠵᠢᠶ᠎ᠡ᠂ ᠦᠢᠯᠡᠳᠦᠯᠭᠡ ᠶᠢᠨ ᠬᠦᠴᠦᠯᠡᠴᠡ ᠠᠴᠠ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠮᠥᠨ ᠴᠢᠨᠠᠷ ᠤᠨ ᠭᠤᠣᠯ ᠴᠥᠮ᠎ᠡ ᠶᠢ ᠬᠤᠷᠢᠶᠠᠩᠭᠤᠶᠢᠯᠠᠵᠤ | ᠂ ᠤᠨᠤᠯ ᠪᠣᠯᠣᠨ ᠦᠢᠯᠡᠳᠦᠯᠭᠡ ᠶᠢᠨ ᠲᠠᠯ᠎ᠠ ᠠᠴᠠ ᠰᠢᠨ᠎ᠡ ᠴᠠᠭ ᠦᠶ᠎ᠡ ᠶᠢᠨ ᠬᠠᠤᠯᠢ ᠪᠠᠷ ᠬᠤᠰᠢᠭᠤ ᠪᠠᠨ ᠵᠠᠰᠠᠬᠤ | ᠠᠵᠢᠯ ᠢ ᠰᠠᠶᠢᠲᠤᠷ ᠬᠢᠬᠦ ᠠᠷᠭ᠎ᠠ ᠵᠠᠮ ᠢ ᠪᠦᠬᠦ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠪᠦᠬᠦ | ᠬᠤᠰᠢᠭᠤᠨ ᠤ ᠬᠠᠤᠯᠢᠵᠢᠯ ᠤᠨ ᠦᠵᠡᠯ ᠰᠠᠨᠠᠭ᠎ᠠ ᠶᠢ ᠣᠯᠠᠮ ᠨᠢᠭᠡ ᠠᠯᠬᠤᠮ ᠰᠠᠶᠢᠲᠤᠷ ᠰᠤᠷᠤᠯᠴᠠᠵᠤ ᠰᠠᠶᠢᠲᠤᠷ | ᠬᠡᠷᠡᠭᠯᠡᠬᠦ ᠪᠠ ᠤᠯᠠᠨ ᠢᠶᠠᠷ ᠢᠶᠠᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠠᠳᠬᠤᠬᠤ ᠲᠠᠢ ᠣᠷᠭᠠᠨᠢᠭ ᠢᠶᠠᠷ | ᠤᠶᠠᠯᠳᠤᠭᠤᠯᠬᠤ ᠳᠤ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ ᠶᠤᠮ ᠭᠡᠪᠡ᠃ | ᠢᠦᠢ ᠯᠢᠩ ᠬᠤᠤ ᠵᠢᠭᠠᠪᠣᠷᠢᠯᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠳᠤ ᠶᠠᠭᠤᠨ ᠳᠤ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠶᠢ ᠬᠡᠷᠡᠭᠵᠢᠭᠦᠯᠬᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠬᠡᠷᠬᠢᠨ | ᠬᠡᠷᠡᠭᠵᠢᠭᠦᠯᠬᠦ ᠵᠡᠷᠭᠡ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠦᠭᠪᠡ᠃ ᠡᠯ᠎ᠡ ᠨᠠᠮ ᠤᠨ ᠬᠤᠷᠢᠶ᠎ᠠ | ᠂ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ | ᠰᠢ ᠶᠢᠨ ᠫᠢᠩ ᠤᠨ ᠬᠠᠣᠯᠢ ᠪᠠᠷ ᠵᠠᠰᠠᠬᠤ ᠦᠵᠡᠯ ᠰᠠᠨᠠᠭᠠᠨ ᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ᠬᠠᠤᠯᠢ ᠶᠢ ᠮᠡᠳᠡᠬᠦ ᠬᠠᠤᠯᠢ ᠶᠢ ᠣᠶᠢᠯᠠᠭᠠᠬᠤ ᠬᠠᠤᠯᠢ ᠶᠢ ᠰᠠᠬᠢᠬᠤ ᠶᠢ ᠥᠪᠡᠷ ᠢ ᠪᠠᠨ ᠰᠢᠯᠭᠠᠬᠤ ᠬᠠᠮᠤᠭ ᠤᠨ | ᠦᠨᠳᠦᠰᠦᠨ ᠤᠯᠤᠰ ᠲᠦᠷᠦ ᠶᠢᠨ ᠬᠡᠮᠵᠢᠭᠦᠷ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠨ ᠬᠠᠤᠯᠢ ᠪᠠᠷ | ᠤᠯᠤᠰ ᠢᠶᠠᠨ ᠵᠠᠰᠠᠬᠤ᠂ ᠬᠠᠤᠯᠢ ᠪᠠᠷ ᠤᠯᠤᠰ ᠢᠶᠠᠨ ᠵᠠᠰᠠᠬᠤ ᠶᠢᠨ ᠠᠭᠤᠯᠤᠭᠳᠠᠬᠤᠨ ᠠᠴᠢ ᠬᠤᠯᠪᠣᠭᠳᠠᠯ ᠢ ᠵᠥᠪ | ᠣᠨᠣᠪᠴᠢᠲᠠᠢ ᠲᠣᠳᠣᠷᠬᠠᠶᠢᠯᠠᠨ ᠲᠠᠶᠢᠯᠪᠤᠷᠢᠯᠠᠬᠤ ᠬᠡᠷᠡᠭᠲᠡᠢ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠣᠨᠣᠪᠴᠢᠲᠠᠢ ᠡᠵᠡᠮᠰᠢᠵᠦ᠂ ︽ᠰᠣᠨᠢᠨ᠂ ᠰᠦᠯᠵᠢᠶ᠎ᠡ᠂ | ᠲᠡᠪᠴᠡᠩ᠂ ᠸᠡᠶᠢᠪᠤᠸᠧ᠂ ᠸᠢᠴᠠᠲ᠂ ᠳᠡᠯᠭᠡᠴᠡ︾ ᠵᠡᠷᠭᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ ︽ | ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠲᠥᠪᠯᠡᠷᠡᠭᠦᠯᠦᠨ ᠤᠬᠠᠭᠤᠯᠤᠨ | ᠮᠡᠳᠡᠭᠡᠯᠡᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠶᠢ ᠪᠦᠬᠦ ᠲᠠᠯ᠎ᠠ ᠪᠠᠷ᠂ ᠤᠯᠠᠨ ᠲᠠᠯ᠎ᠠ ᠶᠢᠨ ᠳᠠᠭᠤᠨ | ᠴᠣᠣᠷᠢᠶ᠎ᠠ᠂ ᠪᠣᠰᠤᠭ᠎ᠠ ᠴᠣᠭᠴᠠᠲᠤ ᠬᠡᠯᠪᠡᠷᠢ ᠪᠠᠷ ᠥᠷᠨᠢᠭᠦᠯᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠶᠢ | ᠦᠨᠳᠦᠰᠦᠨ ᠱᠠᠲᠤ ᠲᠡᠰᠢ ᠥᠷᠭᠡᠳᠬᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ | ᠦᠨᠳᠦᠰᠦᠨ ᠬᠠᠤᠯᠢ ᠶᠢᠨ ᠵᠣᠷᠢᠭ ᠰᠠᠨᠠᠭ᠎ᠠ᠂ ᠬᠠᠤᠯᠢᠵᠢᠯ ᠤᠨ ᠬᠦᠴᠦᠨ ᠢ ᠮᠡᠳᠡᠷᠡᠭᠦᠯᠬᠦ ᠬᠡᠷᠡᠭᠲᠡᠢ᠃ ᠬᠠᠤᠯᠢ | ᠴᠠᠭᠠᠵᠠ ᠶᠢ ᠲᠦᠭᠡᠮᠡᠯᠵᠢᠭᠦᠯᠬᠦ ᠠᠵᠢᠯ ᠤᠨ ᠰᠢᠨ᠎ᠡ ᠶᠢ ᠡᠭᠦᠳᠬᠦ ᠪᠣᠳᠠᠲᠤ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠴᠢᠩᠭᠠᠳᠬᠠᠬᠤ ᠬᠡᠷᠡᠭᠲᠡᠢ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ | ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠠᠤᠯᠢ | ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ | ᠬᠠᠮᠲᠤᠷᠠᠨ ᠬᠥᠳᠡᠯᠦᠯᠴᠡᠬᠦ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂ ᠴᠢᠨᠠᠷ ᠰᠠᠶᠢᠲᠠᠢ ᠦᠢᠯᠡᠴᠢᠯᠡᠬᠦ ᠪᠠᠷ | ᠳᠠᠮᠵᠢᠭᠤᠯᠤᠨ ᠬᠠᠤᠯᠢ ᠴᠠᠭᠠᠵᠠ ᠶᠢ ᠭᠦᠨᠵᠡᠭᠡᠢ ᠲᠦᠭᠡᠮᠡᠯᠵᠢᠭᠦᠯᠬᠦ ᠶᠢ ᠠᠬᠢᠭᠤᠯᠵᠤ᠂ ᠬᠦᠴᠦᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ︽ᠬᠠᠤᠯᠢ ᠴᠠᠭᠠᠵᠠ ᠶᠢ ᠲᠤᠯᠤᠭ᠎ᠠ ᠳᠤ ᠣᠷᠣᠭᠤᠯᠬᠤ︾ ᠠᠵᠢᠯ ᠢ ᠰᠠᠶᠢᠲᠤᠷ ᠠᠳᠬᠤᠵᠤ᠂ | ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ︽ᠨᠠᠢᠮᠠᠳᠤᠭᠠᠷ ᠲᠠᠪᠤᠨ | ᠵᠢᠯ︾ ᠤᠨ ᠬᠠᠤᠯᠢ ᠲᠦᠭᠡᠮᠡᠯᠵᠢᠭᠦᠯᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠴᠢᠨᠰᠠᠭ᠎ᠠ ᠶᠢ ᠪᠠᠲᠤᠯᠠᠨ | ᠪᠡᠶᠡᠯᠡᠭᠦᠯᠵᠦ᠂ ᠵᠠᠷᠣᠳ ᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ᠂ ᠠᠵᠤ ᠠᠬᠤᠢ ᠶᠢᠨ ᠲᠦᠷᠭᠡᠨ | ᠬᠥᠭᠵᠢᠯᠲᠡ ᠳᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠪᠠ ᠬᠠᠤᠯᠢᠵᠢᠯ ᠤᠨ ᠪᠠᠲᠤᠯᠠᠭ᠎ᠠ ᠶᠢ | ᠬᠠᠩᠭᠠᠬᠤ ᠬᠡᠷᠡᠭᠲᠡᠢ ᠭᠡᠪᠡ᠃ |