2023 ᠣᠨ ᠤ ᠵᠠᠷᠣᠳ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠦᠯ ᠵᠦᠢᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2023/2/1
                      ︵ᠨᠢᠭᠡ︶ ᠭᠤᠣᠯ ᠬᠤᠲᠠ ᠶᠢᠨ ᠲᠣᠭᠤᠷᠢᠭ ᠤᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠃ ᠲᠣᠰ ᠢᠨᠵᠧᠨᠧᠷᠢᠩ ᠳᠤ 1600 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠦᠯᠦᠪᠯᠡᠵᠦ᠂ 2005 ᠣᠨ  ᠠᠴᠠ ᠡᠮᠦᠨ᠎ᠡ ᠪᠠᠷᠢᠭᠰᠠᠨ 4 ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠵᠤ᠂ 460 ᠡᠷᠦᠬᠡ ᠲᠠᠢ ᠬᠤᠯᠪᠣᠭᠳᠠᠵᠤ ᠂ 5.56 ᠲᠦᠮᠡᠨ ᠲᠡᠭᠰᠢ ᠳᠥᠷᠪᠡᠯᠵᠢᠨ ᠮᠧᠲᠷ᠂  ᠬᠠᠭᠤᠴᠢᠨ ᠪᠠᠭ᠎ᠠ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠣᠯᠠᠮ ᠨᠢᠭᠡ ᠠᠯᠬᠤᠮ ᠥᠭᠡᠷᠡᠴᠢᠯᠡᠨ ᠰᠠᠶᠢᠵᠢᠷᠠᠭᠤᠯᠬᠤ ᠪᠣᠯᠣᠨ᠎ᠠ᠃ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠴᠢᠳᠠᠪᠬᠢ ᠣᠯᠠᠮ ᠨᠢᠭᠡ ᠠᠯᠬᠤᠮ ᠲᠡᠭᠦᠯᠳᠡᠷᠵᠢᠵᠦ᠂ ᠤᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠭᠤᠶᠣᠵᠢᠭᠤᠯᠤᠨ ᠰᠢᠯᠢᠳᠡᠭᠵᠢᠭᠦᠯᠵᠦ᠂ ᠥᠷᠭᠡᠨ ᠤᠯᠠᠨ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃    ︵ᠬᠤᠶᠠᠷ︶ ᠦᠯᠢᠭᠡᠷ ᠶᠡᠭᠡ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ᠲᠣᠰ ᠢᠨᠵᠧᠨᠧᠷᠢᠩ ᠳᠤ 2852.9 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠦᠯᠦᠪᠯᠡᠵᠦ᠂ ᠤᠤᠯ ᠤᠨ ᠯᠦᠪᠸᠢ ᠵᠡᠭᠦᠨ ᠬᠥᠭᠦᠷᠭᠡ ᠶᠢ ᠨᠤᠷᠠᠭᠠᠵᠤ ᠳᠠᠬᠢᠨ ᠪᠠᠶᠢᠭᠤᠯᠣᠨ᠎ᠠ᠂ ᠤᠤᠯ ᠤᠨ ᠬᠥᠭᠦᠷᠭᠡ ᠶᠢᠨ ᠣᠷᠳᠣ ᠨᠢ 81 ᠮᠧᠲᠷ᠂ ᠥᠷᠭᠡᠨ ᠨᠢ 7 ᠮᠧᠲᠷ︔ ᠳᠠᠬᠢᠨ ᠪᠠᠶᠢᠭᠤᠯᠤᠭᠰᠠᠨ ᠤ ᠳᠠᠷᠠᠭ᠎ᠠ ᠰᠢᠨ᠎ᠡ ᠬᠥᠭᠦᠷᠭᠡ ᠶᠢᠨ ᠣᠷᠳᠣ ᠨᠢ 128.2 ᠮᠧᠲᠷ᠂ ᠥᠷᠭᠡᠨ ᠨᠢ 30 ᠮᠧᠲᠷ᠂ ᠬᠥᠭᠦᠷᠭᠡ ᠶᠢᠨ ᠲᠠᠯᠠᠪᠠᠶ 3846 ᠲᠡᠭᠰᠢ ᠳᠥᠷᠪᠡᠯᠵᠢᠨ ᠮᠧᠲᠷ ᠪᠣᠯᠵᠤ᠂ ᠬᠥᠭᠦᠷᠭᠡ ᠬᠢᠭᠡᠳ ᠭᠤᠣᠯ ᠤᠨ ᠰᠠᠪᠠ ᠶᠢᠨ ᠬᠤᠶᠠᠷ ᠲᠠᠯ᠎ᠠ ᠶᠢᠨ ᠵᠠᠮ ᠵᠣᠯᠭᠠᠬᠤ ᠶᠢ ᠪᠡᠶᠡᠯᠡᠭᠦᠯᠦᠨ᠎ᠡ᠃ ᠲᠦᠷᠦᠯ ᠵᠦᠢᠯ ᠪᠠᠶᠢᠭᠤᠯᠤᠭᠳᠠᠵᠤ ᠲᠡᠷᠭᠡ ᠨᠡᠪᠲᠡᠷᠡᠭᠰᠡᠨ ᠤ ᠳᠠᠷᠠᠭ᠎ᠠ ᠯᠦᠪᠧᠢ ᠪᠠᠯᠭᠠᠰᠤᠨ ᠤ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠵᠢᠴᠢ ᠦᠢᠯᠡᠳᠪᠦᠷᠢᠯᠡᠯ ᠠᠮᠢᠳᠤᠷᠠᠯ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠵᠠᠮ ᠳᠠᠭᠠᠤ ᠶᠢᠨ ᠣᠷᠣᠨ ᠪᠦᠰᠡ ᠶᠢᠨ ᠠᠵᠤ ᠠᠬᠤᠢ ᠶᠢᠨ ᠨᠡᠬᠡᠬᠡᠯᠲᠡ ᠵᠢᠴᠢ ᠬᠥᠭᠵᠢᠯᠲᠡ ᠶᠢ ᠳᠠᠶᠢᠴᠢᠯᠠᠨ᠎ᠠ᠃    ︵ᠭᠤᠷᠪᠠ︶ ᠪᠠᠭᠰᠢ ᠶᠢᠨ ᠲᠦᠷ ᠰᠠᠭᠤᠬᠤ ᠭᠡᠷ ᠪᠠᠶᠢᠰᠢᠩ ᠢ ᠦᠷᠭᠦᠯᠵᠢᠯᠡᠨ ᠪᠠᠶᠢᠭᠤᠯᠬᠤ ᠢᠨᠵᠧᠨᠧᠷᠢᠩ᠃ ᠲᠣᠰ ᠢᠨᠵᠧᠨᠧᠷᠢᠩ ᠳᠤ 416 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠦᠷᠭᠦᠯᠵᠢᠯᠡᠨ ᠭᠥᠩᠨᠦ᠋ᠩ ᠰᠤᠷᠭᠠᠭᠤᠯᠢ ᠶᠢᠨ ᠪᠠᠭᠰᠢ ᠶᠢᠨ ᠲᠦᠷ ᠰᠠᠭᠤᠬᠤ ᠭᠡᠷ ᠪᠠᠶᠢᠰᠢᠩ 705.42 ᠲᠡᠭᠰᠢ ᠳᠥᠷᠪᠡᠯᠵᠢᠨ ᠮᠧᠲᠷ᠂ ᠤᠯᠠᠭᠠᠨᠬᠠᠳᠠ ᠰᠤᠷᠭᠠᠭᠤᠯᠢ ᠶᠢᠨ ᠪᠠᠭᠰᠢ ᠶᠢᠨ  ᠲᠦᠷ ᠰᠠᠭᠤᠬᠤ ᠭᠡᠷ ᠪᠠᠶᠢᠰᠢᠩ 736.56 ᠲᠡᠭᠰᠢ ᠳᠥᠷᠪᠡᠯᠵᠢᠨ ᠮᠧᠲᠷ᠂ ᠠᠷᠤ ᠬᠥᠨᠳᠡᠯᠡᠨ ᠰᠤᠷᠭᠠᠭᠤᠯᠢ ᠶᠢᠨ ᠪᠠᠭᠰᠢ ᠶᠢᠨ ᠲᠦᠷ ᠰᠠᠭᠤᠬᠤ ᠭᠡᠷ ᠪᠠᠶᠢᠰᠢᠩ 571.08 ᠲᠡᠭᠰᠢ ᠳᠥᠷᠪᠡᠯᠵᠢᠨ ᠮᠧᠲᠷ  ᠪᠠᠷᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠶᠡᠬᠡᠬᠡᠨ ᠬᠡᠮᠵᠢᠶᠡᠨ᠎ᠡ ᠰᠠᠶᠢᠵᠢᠷᠠᠭᠤᠯᠵᠤ᠂ ᠰᠤᠷᠭᠠᠭᠤᠯᠢ ᠶᠢᠨ ᠪᠠᠭᠰᠢ ᠶᠢ ᠲᠠᠲᠠᠬᠤ ᠬᠦᠴᠦᠨ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠵᠦ ᠂ ᠰᠤᠷᠭᠠᠭᠤᠯᠢ ᠡᠷᠭᠢᠯᠡᠬᠦ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ︵ᠳᠥᠷᠪᠡ︶ ᠲᠠᠪᠤᠳᠤᠭᠠᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ᠲᠤᠰ ᠢᠨᠵᠧᠨᠧᠷᠢᠩ ᠳᠤ 1470 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠦᠯᠦᠪᠯᠡᠵᠦ᠂ 5819.43 ᠲᠡᠭᠰᠢ ᠳᠥᠷᠪᠡᠯᠵᠢᠨ ᠮᠧᠲᠷ ᠵᠢᠭᠠᠨ ᠰᠣᠷᠭᠠᠬᠤ ᠠᠰᠠᠷ᠂ 4143.63 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠭᠰᠡᠨ ᠬᠡᠦᠬᠡᠳ ᠤᠨ ᠴᠡᠴᠡᠷᠯᠢᠭ 1 ᠪᠠᠶᠢᠭᠤᠯᠣᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠭᠤᠣᠯ ᠬᠤᠲᠠ ᠶᠢᠨ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠰᠣᠷᠣᠭᠴᠢ ᠶᠢᠨ ᠣᠷᠤᠨ ᠲᠤᠭ᠎ᠠ ᠬᠦᠷᠦᠯᠴᠡᠬᠦ ᠦᠭᠡᠢ ᠪᠠᠶᠢᠬᠤ ᠪᠠᠴᠢᠮ ᠠᠰᠠᠭᠤᠳᠠᠯ ᠢ ᠪᠦᠲᠦᠮᠵᠢᠲᠡᠶ ᠰᠠᠶᠢᠵᠢᠷᠠᠭᠤᠯᠵᠤ᠂ ᠬᠡᠦᠬᠡᠳ ᠤᠨ ᠴᠡᠴᠡᠷᠯᠢᠭ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠂ ᠬᠡᠦᠬᠡᠳ ᠤᠨ ᠦᠰᠦᠨ ᠪᠣᠶᠢᠵᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠨᠠᠩ ᠪᠦᠷᠢᠨ ᠲᠡᠭᠦᠯᠳᠡᠷ ᠦᠢᠯᠡᠴᠢᠯᠡᠭᠡ ᠬᠠᠩᠭᠠᠵᠤ᠂ ᠨᠠᠩ ᠣᠯᠠᠨ ᠰᠤᠷᠣᠭᠴᠢ ᠪᠠ ᠪᠤᠰᠤᠳ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠩᠭᠡᠬᠡᠨ ᠠᠪᠴᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃    ︵ᠲᠠᠪᠤ︶ ᠵᠠᠰᠠᠭ ᠤᠨ ᠣᠷᠳᠣᠨ ᠤ ᠲᠤᠰᠬᠠᠢ ᠭᠠᠯ ᠤᠨᠲᠠᠷᠠᠭᠠᠬᠤ ᠥᠷᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ᠲᠣᠰ ᠢᠨᠵᠧᠨᠧᠷᠢᠩ ᠳᠤ 120 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠵᠠᠰᠠᠭ ᠤᠨ ᠣᠷᠳᠣᠨ ᠤ ᠭᠠᠯ ᠤᠨᠲᠠᠷᠠᠭᠠᠬᠤ ᠲᠤᠰᠬᠠᠢ ᠥᠷᠲᠡᠭᠡ 3 ᠰᠢᠨ᠎ᠡ ᠪᠠᠷ ᠪᠠᠶᠢᠭᠤᠯᠣᠨ᠎ᠠ᠂ ᠪᠦᠲᠦᠭᠡᠨ ᠪᠠᠶᠢᠭᠤᠯᠬᠤ ᠭᠠᠵᠠᠷ ᠨᠢ ᠲᠣᠰ ᠪᠦᠷᠢ ᠬᠤᠩᠬᠠᠲᠤ ᠠᠭᠤᠯᠠ ᠪᠠᠯᠭᠠᠰᠤ᠂ ᠦᠯᠵᠡᠶᠢᠮᠦ᠋ᠷᠡᠨ ᠰᠤᠮᠤ᠂ ᠪᠠᠶᠠᠨᠲᠠᠯ᠎ᠠ ᠰᠤᠮᠤ ᠪᠣᠯᠣᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠤᠬᠠᠢ ᠶᠢᠨ ᠭᠠᠵᠠᠷ ᠵᠢᠴᠢ ᠡᠷᠬᠢᠨ ᠲᠣᠭᠤᠷᠢᠨ ᠤ ᠬᠦᠳᠡᠭᠡ ᠲᠣᠰᠬᠤᠨ ᠮᠠᠯᠵᠢᠬᠤ ᠣᠷᠣᠨ ᠳᠤ ᠭᠠᠷᠤᠭᠰᠠᠨ ᠭᠠᠯ ᠢ ᠣᠨᠲᠠᠷᠠᠭᠠᠬᠤ ᠪᠤᠶᠤ ᠠᠶᠤᠯ  ᠠᠴᠠ ᠠᠪᠤᠷᠠᠨ ᠲᠤᠰᠠᠯᠠᠬᠤ ᠠᠵᠢᠯ ᠢ ᠴᠠᠭ ᠲᠤᠬᠠᠢ ᠳᠤᠨᠢ ᠪᠦᠲᠦᠮᠵᠢᠲᠡᠶ ᠦᠷᠨᠢᠭᠦᠯᠬᠦ ᠶᠢ ᠶᠡᠭᠡ ᠪᠠᠷ ᠪᠠᠲᠤᠯᠠᠵᠤ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠣᠯᠣᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号