2 ᠰᠠᠷ᠎ᠠ ᠶᠢᠨ 8 ᠤ ᠡᠳᠦᠷ᠂ ᠪᠡᠭᠡᠵᠢᠩ ᠤᠨ ᠹᠠᠩ ᠢ ᠰᠢᠨᠵᠢᠯᠡᠭᠡ ᠮᠡᠷᠭᠡᠵᠢᠯ ᠤᠨ ᠪᠣᠬᠢᠷᠳᠤᠯ ᠦᠭᠡᠢ ᠠᠮᠢ | ᠠᠬᠤᠢ ᠶᠢᠨ ᠲᠠᠷᠢᠶᠠᠯᠠᠩ ᠤᠨ ᠺᠤᠮᠫᠠᠨᠢ ᠲᠤᠯᠤᠳᠤ ᠰᠤᠮᠤ ᠶᠢᠨ ᠬᠤᠯᠤᠰᠤᠲᠠᠢ ᠭᠠᠴᠠᠭ᠎ᠠ ᠳᠤ ᠬᠦᠷᠴᠦ ᠰᠢᠨᠵᠢᠯᠡᠭᠡ | ᠮᠡᠷᠭᠡᠵᠢᠯ ᠢ ᠲᠦᠭᠡᠮᠡᠯᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠪᠡ᠃ ᠲᠣᠰ | ᠤᠳᠠᠭᠠᠨ ᠤ ᠠᠵᠢᠯᠯᠠᠭ᠎ᠠ ᠨᠢ ᠲᠠᠷᠢᠶᠠᠴᠢᠳ ᠲᠤ ᠬᠢᠮᠢ ᠶᠢᠨ ᠪᠣᠷᠳᠣᠭᠤᠷ ᠬᠡᠷᠡᠭᠯᠡᠬᠦ ᠦᠷ᠎ᠡ ᠠᠰᠢᠭ ᠢ ᠤᠯᠠᠮ ᠨᠢᠭᠡ | ᠠᠯᠬᠤᠮ ᠣᠶᠢᠯᠠᠭᠠᠭᠤᠯᠵᠤ᠂ ᠲᠠᠷᠢᠶᠠᠴᠢᠳ ᠤᠨ ᠣᠲᠣ ᠦᠶ᠎ᠡ ᠶᠢᠨ ᠲᠠᠷᠢᠶᠠᠯᠠᠩ ᠤᠨ ᠦᠨᠳᠦᠰᠦᠨ ᠬᠡᠷᠡᠭᠯᠡᠭᠡᠨ ᠤ | ᠮᠡᠷᠭᠡᠵᠢᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠬᠦ ᠶᠢᠨ ᠬᠠᠮᠲᠤ ᠪᠠᠰᠠ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ᠂ ᠲᠠᠷᠢᠶᠠᠴᠢᠳ ᠤᠨ ᠰᠢᠨᠵᠢᠯᠡᠭᠡ ᠮᠡᠷᠭᠡᠵᠢᠯ ᠢᠶᠠᠷ ᠪᠠᠶᠠᠵᠢᠬᠤ ᠶᠢ | ᠪᠡᠶᠡᠯᠡᠭᠦᠯᠬᠦ ᠳᠤ ᠴᠢᠬᠤᠯᠠ ᠦᠢᠯᠡᠳᠦᠯ ᠦᠵᠡᠭᠦᠯᠪᠡ᠃ | | | |