ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠬᠢᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷ ᠤᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠠᠩᠬᠢ ᠳᠤ ᠵᠤᠬᠢᠶᠠᠨ ᠪᠠᠶᠢᠭᠤᠯᠤᠨ ᠤᠷᠤᠯᠴᠠᠪᠠ
ᠨᠡᠶᠢᠲᠡᠯᠡᠭᠰᠡᠨ ᠴᠠᠭ᠄
2023/2/10
    2 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠺᠠᠳ᠋ᠷ ᠤᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠠᠩᠭᠢ ᠰᠦᠯᠵᠢᠶᠡᠨ ᠳᠡᠭᠡᠷ᠎ᠡ ᠬᠢᠴᠢᠶᠡᠯᠯᠡᠬᠦ ᠬᠡᠯᠪᠡᠷᠢ ᠪᠠᠷ ᠶᠠᠪᠤᠭᠳᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ᠂ ᠳᠡᠳ᠋ ᠲᠡᠷᠢᠭᠦᠯᠡᠭᠴᠢ ᠮᠦᠩᠭᠦᠨᠬᠤᠸᠠᠷ᠂ ᠦ᠋ ᠰᠢᠶᠣᠣ᠂ ᠳ᠋ᠠᠢ ᠪᠦᠦ ᠯᠢᠨ᠂ ᠸᠠᠩ ᠴᠧᠩ ᠵᠢᠴᠢ ᠪᠥᠬᠦ ᠺᠠᠳ᠋ᠷ ᠠᠵᠢᠯᠲᠠᠨ ᠠᠵᠢᠯᠴᠢᠨ ᠵᠠᠷᠤᠳ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠣᠯᠪᠠᠰᠤᠷᠠᠯ ᠳᠤ ᠣᠷᠣᠯᠴᠠᠪᠠ᠃ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢᠶᠠᠷ ᠳᠠᠮᠵᠢᠨ ᠪᠣᠯᠪᠠᠰᠤᠷᠠᠯ ᠳᠤ ᠣᠷᠣᠯᠴᠠᠪᠠ᠃     
微信图片_20230210104211.jpg
     ᠠᠩᠭᠢ ᠡᠬᠢᠯᠡᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠪᠠᠶᠢᠭᠤᠯᠭ᠎ᠠ ᠶᠢᠨ ᠺᠠᠳ᠋ᠷᠴᠤᠳ ᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠴᠠᠭ ᠦᠶ᠎ᠡ ᠪᠠ ᠠᠷᠠᠳ ᠲᠦᠮᠡᠨ ᠠᠴᠠ ᠳᠠᠭᠠᠭᠠᠯᠭᠠᠭᠰᠠᠨ ᠢᠷᠠᠭᠤ ᠠᠯᠳᠠᠷᠲᠤ ᠡᠭᠦᠷᠭᠡ ᠪᠠᠨ ᠦᠨᠡᠨᠬᠦ ᠡᠭᠦᠷᠭᠡᠯᠡᠬᠦ ᠵᠡᠷᠭᠡ ᠲᠠᠯ᠎ᠠ ᠪᠠᠷ ᠠᠩᠭᠢ ᠡᠬᠢᠯᠡᠬᠦ ᠳᠠᠶᠢᠴᠢᠯᠠᠯᠲᠠ ᠶᠢᠨ ᠬᠤᠷᠠᠯ ᠳᠤ ᠪᠦᠬᠦ ᠲᠠᠯ᠎ᠠ ᠪᠠᠷ ᠰᠢᠰᠲ᠋ᠧᠮ ᠲᠠᠢ ᠶᠠᠷᠢᠶ᠎ᠠ ᠲᠠᠯᠪᠢᠪᠠ᠃ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠣᠰ ᠤᠳᠠᠭᠠᠨ ᠤ ᠰᠤᠷᠤᠯᠴᠠᠯᠭ᠎ᠠ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠬᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠨᠳᠦᠰᠦᠨ ᠣᠨᠣᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢ ᠣᠶᠢᠯᠠᠭᠠᠨ ᠡᠵᠡᠮᠰᠢᠵᠦ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠵᠦ᠂ ᠪᠥᠬᠦ ᠣᠷᠣᠨ ᠤ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠨᠠᠩ ᠰᠠᠶᠢᠨ ᠠᠷᠭ᠎ᠠ ᠤᠬᠠᠭᠠᠨ ᠭᠠᠷᠭᠠᠬᠤ ᠬᠡᠷᠡᠭᠲᠡᠢ ᠭᠡᠵᠦ ᠱᠠᠭᠠᠷᠳᠠᠪᠠ ᠃     
微信图片_20230210104215.jpg
    ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠦ᠋᠂ ᠴᠡᠴᠡᠭ᠂ ᠸᠧᠢ ᠭᠦᠸᠧ ᠨᠠᠨ᠂ ᠠᠨ ᠷᠦᠨ ᠱᠧᠩ ᠲᠣᠰ ᠪᠦᠷᠢ ︽ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠬᠢᠭᠡᠳ ᠦᠨᠳᠦᠰᠦᠨ ᠱᠠᠲᠤᠨ ᠤ ᠵᠥᠪᠯᠡᠯᠭᠡ ᠶᠢ ᠪᠦᠲᠦᠮᠵᠢᠲᠡᠶ ᠵᠣᠯᠭᠠᠭᠤᠯᠬᠤ ︾ ︽ᠬᠠᠷᠢᠭᠤᠴᠠᠯᠭ᠎ᠠ ᠡᠭᠦᠷᠭᠡᠯᠡᠯ ᠢᠶᠠᠨ ᠬᠠᠶᠢᠷᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠰᠠᠶᠢᠲᠤᠷ ᠬᠢᠬᠦ︾ ︽ᠲᠠᠨᠢᠯᠲᠠ ᠪᠠᠨ ᠳᠡᠭᠡᠭᠰᠢᠯᠡᠭᠦᠯᠦᠨ᠂ ᠰᠣᠶᠣᠯ ᠤᠨ ᠢᠲᠡᠭᠡᠯ ᠤᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ︾ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ︾ ᠵᠡᠷᠭᠡ ᠭᠤᠣᠯ ᠰᠡᠳᠦᠪ ᠤᠨ ᠲᠣᠭᠤᠷᠢᠨ ᠳᠤ ᠭᠤᠶᠢᠳᠠ ᠰᠠᠶᠢᠬᠠᠨ ᠲᠠᠶᠢᠯᠤᠮᠵᠢ ᠬᠢᠪᠡ᠃ ᠣᠯᠠᠨ ᠢᠶᠠᠷ ᠢᠶᠠᠨ᠄ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠢᠲᠡᠭᠡᠯ ᠵᠣᠷᠢᠭ ᠢᠶᠠᠨ ᠪᠠᠲᠤᠳᠬᠠᠨ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠨᠡᠮᠡᠭᠳᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠬᠥᠭᠵᠢᠯᠲᠡ ᠶᠢ ᠰᠦᠪᠡᠭᠴᠢᠯᠡᠬᠦ ᠵᠥᠪ ᠰᠡᠳᠬᠢᠴᠡ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ᠂ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠶᠢᠨ ︽ᠦᠨ᠎ᠡ ᠴᠠᠨ᠎ᠠ︾ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢᠨ ᠥᠷᠭᠡᠨ ᠳᠡᠯᠭᠡᠷ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠣᠷᠣᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠦᠢᠯᠡᠰ ᠤᠨ ᠬᠥᠭᠵᠢᠯᠲᠡ ᠪᠠ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠬᠤᠶᠠᠷ ᠡᠳᠦᠷ ᠶᠠᠪᠤᠭᠳᠠᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠳᠤ ᠭᠤᠣᠯ ᠬᠤᠷᠠᠯ ᠤᠨ ᠲᠠᠯᠠᠪᠠᠶ ᠭᠠᠷᠭᠠᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠪᠠᠶᠢᠭᠤᠯᠤᠯᠭ᠎ᠠ ᠶᠢᠨ ᠪᠥᠬᠦ ᠺᠠᠳ᠋ᠷ ᠪᠣᠯᠪᠠᠰᠤᠷᠠᠯ ᠳᠤ ᠤᠷᠤᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号