2 ᠰᠠᠷ᠎ᠠ ᠶᠢᠨ 9 ᠤ ᠡᠳᠦᠷ᠂ ᠵᠠᠷᠤᠳ ᠲᠠᠷᠢᠶᠠᠯᠠᠩ ᠬᠤᠳᠠᠯᠳᠤᠭᠠᠨ ᠤ ᠪᠠᠩᠬᠢ 2023 ᠣᠨ ᠤ ᠨᠢᠭᠡᠳᠦᠭᠡᠷ | ᠤᠯᠠᠷᠢᠯ ᠤᠨ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠵᠠᠳᠠᠯᠤᠯᠲᠠ ᠶᠢᠨ ᠬᠤᠷᠠᠯ ᠢ | ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠠᠴᠠ᠂ ᠪᠦᠬᠦ ᠪᠠᠩᠬᠢ ᠶᠢᠨ ᠡᠯ᠎ᠡ ᠰᠠᠯᠠᠭ᠎ᠠ ᠮᠥᠴᠢᠷ᠂ ᠡᠯ᠎ᠡ | ᠪᠠᠶᠢᠭᠤᠯᠤᠮᠵᠢ ᠬᠢᠨ ᠶᠡᠷᠦᠩᠬᠡᠢ ᠪᠠᠩᠬᠢ ᠶᠢᠨ ᠨᠠᠮ ᠤᠨ ᠬᠤᠷᠢᠶ᠎ᠠ ᠶᠢᠨ ᠠᠵᠢᠯ ᠤᠨ ᠠᠯᠬᠤᠮ ᠢ ᠴᠢᠩᠭ᠎ᠠ ᠳᠠᠭᠠᠵᠤ᠂ | ᠵᠠᠬ᠎ᠠ ᠳᠡᠯᠭᠡᠭᠦᠷ ᠲᠠᠢ ᠪᠠᠶᠢᠪᠠᠯ ᠰᠠᠶ᠋ᠢ ᠣᠷᠣᠰᠢᠨ ᠲᠣᠭᠲᠠᠨᠢᠵᠤ ᠴᠢᠳᠠᠬᠤ ᠬᠥᠭᠵᠢᠯᠲᠡ ᠶᠢᠨ ᠦᠵᠡᠯᠲᠡ ᠶᠢ ᠪᠤᠢ | ᠪᠣᠯᠭᠠᠵᠤ᠂ ᠬᠠᠳᠠᠭᠠᠯᠠᠮᠵᠢ ᠶᠢᠨ ᠪᠦᠲᠦᠴᠡ ᠪᠠᠨ ᠢᠳᠡᠪᠬᠢᠲᠡᠢ ᠲᠣᠬᠢᠷᠠᠭᠤᠯᠵᠤ᠂ ᠡᠵᠡᠩᠨᠡᠯᠲᠡ ᠶᠢᠨ ᠥᠪᠡᠷ ᠤᠨ | ᠦᠷᠳᠡᠭ ᠢ ᠪᠠᠭᠤᠷᠠᠭᠤᠯᠬᠤ ᠬᠡᠷᠡᠭᠲᠡᠢ᠃ ᠠᠵᠢᠯᠯᠠᠵᠤ ᠪᠠᠶᠢᠭ᠎ᠠ ᠬᠥᠮᠥᠰ ᠤᠯᠠᠨ᠂ ᠪᠠᠶᠢᠭᠤᠯᠤᠮᠵᠢ ᠶᠢᠨ ᠬᠠᠮᠤᠷᠬᠤ | ᠬᠡᠪᠴᠢᠶ᠎ᠡ ᠥᠷᠭᠡᠨ ᠪᠠᠶᠢᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠯ᠎ᠡ ᠠᠵᠢᠯ ᠤᠨ ᠪᠠᠶᠢᠷᠢ ᠶᠢᠨ | ᠠᠵᠢᠯᠲᠠᠨ ᠠᠵᠢᠯᠴᠢᠨ ᠪᠡᠶᠡᠴᠢ ᠴᠢᠳᠠᠮᠠᠭᠠᠢ ᠴᠢᠨᠠᠷ ᠢᠶᠠᠨ ᠪᠠᠳᠠᠷᠠᠭᠤᠯᠵᠤ᠂ ᠵᠢᠭᠡᠯᠡᠯᠭᠡ ᠶᠢ ᠳᠠᠷᠤᠬᠤ ᠦᠭᠡᠢ᠂ | ᠵᠢᠭᠡᠯᠡᠯᠭᠡ ᠶᠢ ᠬᠠᠷᠠᠮᠨᠠᠬᠤ ᠦᠭᠡᠢ ᠪᠠᠶᠢᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠰᠠᠨ ᠢᠲᠡᠭᠡᠮᠵᠢᠲᠦ | ᠵᠢᠭᠡᠯᠡᠯᠭᠡ ᠶᠢᠨ ᠦᠢᠯᠡᠳᠬᠦᠨ ᠢ ᠢᠳᠡᠪᠬᠢᠲᠡᠢ ᠪᠠᠷ ᠨᠡᠶᠢᠲᠡᠯᠡᠵᠦ᠂ ᠭᠤᠣᠯ ᠡᠵᠡᠩᠨᠡᠯᠲᠡ ᠶᠢᠨ ᠦᠢᠯᠡᠳᠬᠦᠨ ᠢ | ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ ᠲᠠᠰᠤᠷᠠᠯᠳᠠ ᠦᠭᠡᠢ | ᠥᠷᠭᠡᠳᠬᠡᠵᠦ᠂ ᠠᠰᠢᠭ ᠣᠷᠣᠯᠭ᠎ᠠ ᠶᠢ ᠪᠠᠲᠤᠯᠠᠵᠤ᠂ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃ | | | |