ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 2023 ᠣᠨ ᠤ ᠤᠰᠤ ᠠᠷᠪᠢᠯᠠᠵᠤ ᠠᠮᠤ ᠪᠤᠳᠠᠭ᠎ᠠ ᠶᠢᠨ ᠤᠨᠠᠯᠳᠠ ᠶᠢ ᠨᠡᠮᠡᠭᠳᠡᠭᠦᠯᠬᠦ ᠠᠵᠢᠯᠯᠠᠭ᠎ᠠ ᠵᠢᠴᠢ ᠡᠷᠳᠡᠨᠢ ᠰᠢᠰᠢ ᠶᠢᠨ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠠᠰᠢᠭ ᠡᠭᠦᠳᠬᠦ ᠰᠢᠨᠵᠢᠯᠡᠭᠡ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/2/13
      ᠥᠷᠭᠡᠨ ᠣᠯᠠᠨ ᠲᠠᠷᠢᠶᠠᠴᠢᠨ ᠡᠷᠦᠬᠡ ᠶᠢᠨ ᠲᠠᠷᠢᠮᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠲᠠᠷᠢᠮᠠᠯ ᠤᠨ ᠦᠢᠯᠡᠳᠪᠦᠷᠢᠯᠡᠯ ᠤᠨ ᠳᠤᠮᠳᠠᠬᠢ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 12 ᠤᠨ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 2023 ᠣᠨ ᠤ ᠤᠰᠤ ᠠᠷᠪᠢᠯᠠᠵᠤ ᠠᠮᠤ ᠪᠤᠳᠠᠭ᠎ᠠ ᠶᠢᠨ ᠤᠨᠠᠯᠳᠠ ᠶᠢ ᠨᠡᠮᠡᠭᠳᠡᠭᠦᠯᠬᠦ ᠠᠵᠢᠯᠯᠠᠭ᠎ᠠ ᠵᠢᠴᠢ ᠡᠷᠳᠡᠨᠢ ᠰᠢᠰᠢ ᠶᠢᠨ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠠᠰᠢᠭ ᠡᠭᠦᠳᠬᠦ ᠰᠢᠨᠵᠢᠯᠡᠭᠡ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠡᠷᠳᠡᠨᠢ ᠰᠢᠰᠢ ᠶᠢᠨ ᠲᠤᠰᠬᠠᠢ ᠮᠡᠷᠭᠡᠵᠢᠯᠲᠡᠨ ᠤ ᠪᠦᠯᠬᠦᠮ ᠢ ᠤᠷᠢᠵᠤ ᠬᠢᠴᠢᠶᠡᠯ ᠣᠷᠣᠭᠤᠯᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠲᠠᠷᠢᠮᠠᠯ ᠤᠨ ᠲᠣᠮᠣ ᠡᠷᠦᠬᠡ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠵᠢᠴᠢ ᠬᠤᠯᠪᠣᠭᠳᠠᠯ ᠪᠦᠬᠦᠢ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠨᠡᠶᠢᠲᠡ 100 ᠭᠠᠷᠤᠢ ᠬᠥᠮᠥᠨ ᠬᠤᠷᠠᠯ ᠳᠤ ᠤᠷᠤᠯᠴᠠᠪᠠ᠃      
微信图片_20230213103928.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号