| 2 ᠰᠠᠷ᠎ᠠ ᠶᠢᠨ 10 ᠤ ᠦᠳᠡ ᠶᠢᠨ ᠬᠤᠶᠢᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯᠲᠤ | ᠠᠮᠢᠳᠤᠷᠠᠯ ᠤᠨ ᠬᠤᠷᠠᠯ ᠵᠢᠴᠢ ᠬᠡᠷᠡᠭ ᠤᠨ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠠᠷᠠᠳᠴᠢᠯᠠᠯᠲᠤ | ᠠᠮᠢᠳᠤᠷᠠᠯ ᠤᠨ ᠬᠤᠷᠠᠯ ᠤᠨ ᠰᠤᠳᠤᠯᠤᠨ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠭᠢᠯᠡᠭᠴᠢ ᠦ᠋ ᠴᠢᠩ ᠬᠠᠢ ᠬᠤᠷᠠᠯ ᠡᠷᠭᠢᠯᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠪᠦᠦ ᠯᠦᠩ᠂ | ᠵᠠᠩ ᠴᠦᠨ ᠬᠤᠶ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠶᠦᠩ ᠴᠢᠶᠠᠩ ᠬᠤᠷᠠᠯ ᠳᠤ ᠰᠤᠯᠠ ᠣᠷᠣᠯᠴᠠᠪᠠ᠃ | | | ᠬᠤᠷᠠᠯ ᠳᠡᠭᠡᠷ᠎ᠡ᠂ ᠦ᠋ ᠴᠢᠩ ᠬᠠᠢ᠂ ᠪᠦᠦ ᠯᠦᠩ᠂ ᠵᠠᠩ ᠴᠦᠨ ᠬᠤᠢ ᠠᠷᠠᠳᠴᠢᠯᠠᠯᠲᠤ ᠠᠮᠢᠳᠤᠷᠠᠯ ᠤᠨ | ᠬᠤᠷᠠᠯ ᠠᠴᠠ ᠡᠮᠦᠨᠡᠬᠢ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠦᠪᠡᠷ ᠦᠪᠡᠷ ᠤᠨ ᠠᠵᠢᠯ ᠤᠨ | ᠪᠣᠳᠠᠲᠠᠢ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠬᠤ ᠬᠡᠷᠡᠭᠲᠡᠢ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠠᠵᠢᠯ ᠤᠨ ᠢᠯᠡᠳᠬᠡᠯ ᠢ ᠲᠡᠷᠡ ᠬᠡᠪ ᠢᠶᠠᠷ ᠨᠢ ᠦᠭᠡ ᠦᠰᠦᠭ ᠳᠠᠷᠠᠭᠠᠯᠠᠨ | ᠰᠤᠷᠤᠯᠴᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ | ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠠᠵᠢᠯ ᠤᠨ ᠢᠯᠡᠳᠬᠡᠯ ᠢ ᠰᠤᠷᠤᠯᠴᠠᠬᠤ ᠶᠢ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠲᠠᠢ ᠤᠶᠠᠯᠳᠤᠭᠤᠯᠵᠤ᠂ ᠪᠣᠳᠠᠲᠠᠢ ᠠᠵᠢᠯ ᠳᠠᠭᠠᠨ ᠬᠡᠷᠡᠭᠯᠡᠬᠦ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠶᠡᠷᠦᠩᠬᠡᠢ ᠬᠠᠷᠠᠯᠲᠠ᠂ ᠶᠡᠷᠦᠩᠬᠡᠢ ᠴᠢᠭᠯᠡᠯ᠂ ᠶᠡᠷᠦᠩᠬᠡᠢ | ᠱᠠᠭᠠᠷᠳᠠᠯᠭ᠎ᠠ ᠶᠢ ᠦᠨᠳᠦᠰᠦᠯᠡᠨ᠂ ᠬᠦᠴᠦᠯᠡᠬᠦ ᠴᠡᠭ ᠪᠠ ᠭᠠᠷᠳᠠᠬᠤ ᠴᠡᠭ ᠢᠶᠠᠨ ᠣᠨᠣᠪᠴᠢᠲᠠᠶ ᠣᠯᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠ ᠨᠠᠶᠢᠳᠠᠪᠤᠷᠢᠵᠢᠭᠤᠯᠤᠨ ᠦᠨᠳᠦᠰᠦᠯᠡᠭᠦᠯᠵᠦ᠂ ᠡᠯᠪᠡᠭ | ᠪᠠᠶᠠᠯᠢᠭ ᠦᠷ᠎ᠡ ᠪᠦᠲᠦᠭᠡᠯ ᠭᠠᠷᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠪᠣᠷᠢᠯᠠᠪᠠ᠃ | | | ᠬᠤᠷᠠᠯ ᠠᠴᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠨᠠᠷ ᠠᠷᠠᠳᠴᠢᠯᠠᠯᠲᠤ ᠠᠮᠢᠳᠤᠷᠠᠯ ᠤᠨ ᠬᠤᠷᠠᠯ ᠤᠨ | ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ 7 ᠲᠠᠯ᠎ᠠ ᠪᠠᠷ ᠬᠠᠷᠢᠴᠠᠭᠤᠯᠤᠨ᠂ ᠥᠪᠡᠷ ᠤᠨ ᠪᠡᠶ᠎ᠡ ᠪᠠᠨ ᠵᠠᠳᠠᠯᠵᠤ | ᠂ ᠡᠭᠦᠷᠭᠡ ᠬᠠᠷᠢᠭᠤᠴᠠᠯᠭ᠎ᠠ ᠪᠠᠨ ᠵᠠᠳᠠᠯᠵᠤ᠂ ᠠᠵᠢᠯ ᠢᠶᠠᠨ ᠵᠠᠳᠠᠯᠵᠤ᠂ ᠦᠵᠡᠯ ᠰᠠᠨᠠᠭᠠᠨ ᠤ ᠡᠬᠢ ᠰᠤᠷᠪᠤᠯᠵᠢ ᠪᠠᠨ | ᠭᠦᠨᠵᠡᠭᠡᠢ ᠵᠠᠳᠠᠯᠤᠨ᠂ ᠴᠢᠷᠮᠠᠶᠢᠬᠤ ᠴᠢᠭᠯᠡᠯ ᠢᠶᠠᠨ ᠲᠣᠳᠣᠷᠬᠠᠢ ᠪᠣᠯᠭᠠᠬᠤ ᠬᠡᠷᠡᠭᠲᠡᠢ︔ ᠰᠡᠳᠬᠢᠯ ᠤᠨ ᠦᠭᠡ ᠪᠠᠨ | ᠬᠡᠯᠡᠯᠴᠡᠨ ᠶᠠᠷᠢᠯᠴᠠᠬᠤ ᠳᠤ ᠲᠤᠰᠬᠠᠶᠢᠯᠠᠨ ᠴᠠᠭ ᠲᠣᠬᠢᠷᠠᠭᠤᠯᠵᠤ᠂ ᠭᠦᠢᠴᠡᠳ ᠴᠠᠭ ᠲᠠᠢ ᠪᠠᠶᠢᠬᠤ ᠶᠢ ᠪᠠᠲᠤᠯᠠᠵᠤ᠂ | ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠳᠤ ︽ᠭᠤᠷᠪᠠ ᠶᠢ ᠵᠠᠪᠠᠯ ᠶᠠᠷᠢᠯᠴᠠᠬᠤ︾ ᠶᠢ ᠪᠡᠶᠡᠯᠡᠭᠦᠯᠬᠦ ᠬᠡᠷᠡᠭᠲᠡᠢ | ︔ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠬᠦ ᠳᠤ ︽ᠪᠦᠯᠬᠦᠮᠳᠡᠬᠦ - ᠰᠢᠭᠦᠮᠵᠢᠯᠡᠬᠦ - ᠪᠦᠯᠬᠦᠮᠳᠡᠬᠦ︾ | ᠴᠢᠭᠯᠡᠯᠲᠡ ᠶᠢ ᠲᠤᠤᠱᠯᠠᠭᠤᠯᠵᠤ᠂ ᠬᠢᠲᠤᠭᠠᠨ ᠤ ᠢᠷ ᠢ ᠳᠣᠲᠣᠭᠰᠢ ᠪᠠᠨ ᠬᠠᠨᠳᠤᠭᠤᠯᠬᠤ ᠶᠢ ᠪᠠᠷᠢᠮᠲᠠᠯᠠᠵᠤ᠂ | ᠥᠪᠡᠷ ᠤᠨ ᠦᠵᠡᠯ ᠰᠠᠨᠠᠭ᠎ᠠ ᠪᠤᠳᠣᠯ ᠢᠶᠠᠨ ᠦᠭᠡᠷᠡᠴᠢᠯᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ | ᠵᠡᠪᠰᠡᠭ ᠢ ᠭᠦᠢᠴᠡᠳ ᠬᠡᠷᠡᠭᠯᠡᠨ᠂ ᠢᠳᠡᠪᠬᠢᠲᠡᠢ ᠪᠥᠭᠡᠳ ᠡᠷᠡᠭᠦᠯ ᠦᠭᠡᠳᠡᠷᠭᠡᠭ ᠦᠵᠡᠯ ᠰᠠᠨᠠᠭᠠᠨ ᠤ ᠲᠡᠮᠡᠴᠡᠯ ᠢ | ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ |