ᠵᠠᠷᠤᠳ ᠬᠤᠰᠢᠭᠤ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠢ ᠪᠣᠯᠪᠠᠰᠤᠷᠠᠭᠤᠯᠤᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/2/13
    ᠪᠥᠬᠦ ᠬᠤᠰᠢᠭᠤᠨ ᠤ ᠡᠯ᠎ᠡ ᠨᠢᠭᠡᠴᠡ ᠰᠠᠯᠠᠭ᠎ᠠ ᠮᠥᠴᠢᠷ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠪᠥᠬᠦ ᠬᠤᠰᠢᠭᠤᠨ ᠤ ᠴᠢᠬᠤᠯᠠ ᠰᠦᠯᠵᠢᠶ᠎ᠡ ᠪᠠ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 10 ᠤ ᠡᠳᠦᠷ ᠂ ᠵᠠᠷᠤᠳ ᠬᠤᠰᠢᠭᠤ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠢ ᠪᠣᠯᠪᠠᠰᠤᠷᠠᠭᠤᠯᠤᠯ ᠤᠨ ᠬᠤᠷᠠᠯ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠵᠡᠷᠭᠡ ᠬᠠᠮᠢᠶ᠎ᠠ ᠪᠦᠬᠦᠢ ᠨᠢᠭᠡᠴᠡ ᠶᠢᠨ ᠠᠵᠢᠯᠲᠠᠳ ᠬᠤᠷᠠᠯ ᠳᠤ ᠣᠷᠣᠯᠴᠠᠪᠠ᠃
e7665024adce5ff3c12babd1595af0a.jpg
    ᠬᠤᠷᠠᠯ ᠠᠴᠠ᠂ ᠪᠣᠯᠪᠠᠰᠤᠷᠠᠯ ᠳᠤ ᠣᠷᠣᠯᠴᠠᠭᠰᠠᠨ ᠨᠢᠭᠡᠴᠡ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠴᠢᠬᠤᠯᠠ ᠴᠢᠨᠠᠷ ᠢ ᠭᠦᠢᠴᠡᠳ ᠲᠠᠨᠢᠵᠤ᠂ ᠰᠦᠯᠵᠢᠶᠡᠨ ᠤ ᠠᠮᠤᠷ ᠲᠦᠪᠰᠢᠨ ᠤ ᠬᠦᠨᠳᠦ ᠶᠡᠭᠡ ᠠᠳᠡᠯ ᠢ ᠡᠷᠡᠰ ᠬᠤᠷᠢᠭᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ᠃ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ᠂ ᠬᠠᠮᠢᠶᠠᠷᠤᠯᠲᠠ ᠶᠢᠨ ᠳᠦᠷᠢᠮ ᠪᠣᠯᠣᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠤᠣᠯᠳᠠᠯᠭ᠎ᠠ ᠲᠠᠢ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠪᠠᠶᠢᠴᠠᠭᠠᠨ ᠰᠢᠯᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠲᠦᠭᠰᠢᠭᠦᠷᠢ ᠶᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠬᠠᠣᠠᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠰᠠᠶᠢᠲᠤᠷ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢᠶᠠᠨ ᠰᠠᠶᠢᠲᠤᠷ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ᠂ ᠪᠤᠰᠢᠭᠤ ᠲᠦᠷᠭᠡᠨ ᠪᠠᠲᠤᠯᠠᠭ᠎ᠠ ᠶᠢᠨ ᠲᠣᠭᠲᠠᠴᠠ ᠶᠢ ᠪᠤᠢ ᠪᠣᠯᠭᠠᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ  ᠬᠦᠭᠵᠢᠯᠲᠡ ᠳᠤ ᠨᠠᠶᠢᠳᠠᠪᠤᠷᠢᠲᠠᠢ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
882ef151965be8c0fc9f9de15e53c6f.jpg
    ᠬᠤᠷᠠᠯ ᠳᠡᠭᠡᠷ᠎ᠡ᠂ ᠥᠪᠥᠷ ᠮᠣᠩᠭᠤᠯ ᠤᠨ ᠸᠠᠩ ᡁᠢ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠦᠯᠵᠢᠶᠡᠨ ᠤ ᠠᠮᠤᠷ ᠲᠦᠪᠰᠢᠨ ᠤ ᠬᠦᠷᠢᠶᠡᠨ ᠤ ᠲᠤᠰᠬᠠᠢ ᠮᠡᠷᠭᠡᠵᠢᠯᠲᠡᠨ ᠭᠦᠸᠧ ᠢᠦᠢ ᠵᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠶᠠᠭᠤ ᠶᠢ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠭᠡᠬᠦ ᠪᠤᠶ ᠂᡼ ᠣᠳᠣᠬᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠶᠢᠳᠠᠯ᠂ ᠮᠡᠳᠡᠭᠡ ᠵᠠᠩᠭᠢ ᠶᠢᠨ ᠠᠮᠤᠷ ᠲᠦᠪᠰᠢᠨ ᠤ ᠳᠡᠰ ᠤᠨ ᠬᠠᠮᠠᠭᠠᠯᠠᠯᠲᠠ ᠶᠢᠨ ᠠᠵᠢᠯ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠠᠰᠠᠭᠤᠳᠠᠯ ᠤᠨ ᠦᠨᠳᠦᠰᠦ ᠰᠤᠷᠪᠤᠯᠵᠢ᠂ ᠪᠠᠶᠢᠩᠭᠤ ᠲᠣᠬᠢᠶᠠᠯᠳᠤᠳᠠᠭ ᠬᠠᠺᠧᠷ ᠤᠨ ᠳᠠᠭᠠᠷᠢᠯᠲᠠ ᠶᠢᠨ ᠠᠷᠭ᠎ᠠ ᠪᠠᠷᠢᠯ ᠵᠢᠴᠢ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠢ ᠬᠡᠷᠬᠢᠨ ᠪᠠᠲᠤᠯᠠᠬᠤ ᠵᠡᠷᠭᠡ ᠲᠠᠯ᠎ᠠ ᠪᠠᠷ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢᠶᠠᠨ ᠬᠡᠷᠬᠢᠨ ᠳᠡᠭᠡᠭᠰᠢᠯᠡᠭᠦᠯᠬᠦ᠂ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠬᠤ᠂ ᠰᠦᠯᠵᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠡᠷᠬᠢᠨ ᠰᠡᠷᠭᠡᠶᠢᠯᠡᠬᠦ ᠲᠤᠬᠠᠢ ᠠᠮᠢᠳᠤᠯᠢᠭ ᠨᠠᠷᠢᠯᠢᠭ ᠲᠠᠶᠢᠯᠪᠤᠷᠢᠯᠠᠯᠲᠠ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠠᠵᠢᠯᠲᠠᠳ ︽ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ︾  ᠪᠠᠷ ᠭᠤᠣᠯ ᠰᠡᠳᠦᠪ ᠪᠣᠯᠭᠠᠵᠤ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠳᠤ ᠵᠤᠷᠪᠤᠰ ᠳᠠᠷᠠᠭᠠᠯᠠᠨ ᠵᠠᠳᠠᠯᠤᠯᠲᠠ ᠪᠠ ᠲᠠᠶᠢᠯᠤᠮᠵᠢ ᠬᠢᠪᠡ᠃
c9a4709bf84c01f4d96f3445427e838.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号