ᠵᠠᠷᠤᠳ ᠬᠤᠰᠢᠭᠤ᠄ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ ᠠᠵᠢᠯ ᠣᠯᠭᠤᠬᠤ ᠪᠠ ᠦᠢᠯᠡᠰ ᠪᠣᠰᠬᠠᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/2/14
      ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠰᠠᠨᠠᠭᠠᠴᠢᠯᠠᠭ᠎ᠠ  ᠠᠴᠠ ᠪᠠᠨ ᠠᠵᠢᠯ ᠬᠢᠵᠦ᠂ ᠣᠨᠣᠴᠠᠲᠠᠢ ᠦᠢᠯᠡᠴᠢᠯᠡᠨ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠡᠯ᠎ᠡ ᠵᠦᠢᠯ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠣᠯᠠᠨ ᠠᠷᠭ᠎ᠠ ᠵᠠᠮ ᠢᠶᠠᠷ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠠᠵᠤ ᠠᠬᠤᠶᠢᠯᠠᠯ ᠤᠨ ᠠᠵᠢᠯᠴᠢᠨ ᠡᠯᠰᠡᠬᠦ ᠳᠤ ᠬᠦᠴᠢᠷᠲᠡᠢ ᠪᠠᠶᠢᠬᠤ᠂ ᠠᠵᠢᠯ ᠣᠯᠬᠤ ᠰᠠᠨᠠᠭ᠎ᠠ ᠲᠠᠢ ᠬᠥᠮᠥᠰ ᠠᠵᠢᠯ ᠣᠯᠬᠤ ᠳᠤ ᠬᠦᠴᠢᠷᠲᠡᠢ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠣᠯᠠᠨ ᠤ ᠭᠡᠷ ᠤᠨ ᠡᠭᠦᠳᠡᠨ ᠳᠤ ᠪᠠᠨ ᠠᠵᠢᠯ ᠣᠯᠵᠤ ᠦᠢᠯᠡᠰ ᠴᠣᠭᠴᠠᠯᠠᠬᠤ ᠶᠢ ᠪᠡᠶᠡᠯᠡᠭᠦᠯᠬᠦ ᠳᠤ ᠲᠠᠪᠴᠠᠩ ᠤᠨ ᠲᠤᠯᠭᠠᠭᠤᠷᠢᠯᠠᠯ ᠬᠠᠩᠭᠠᠪᠠ᠃
c8483da261d0d3ba0afd9ff3b01c11c.jpg
     ᠣᠶᠢᠷ᠎ᠠ ᠶᠢᠨ ᠡᠳᠦᠷ᠂ ᠪᠥᠬᠦ ᠬᠤᠰᠢᠭᠤᠨ ᠤ 2023 ᠣᠨ ᠤ ᠬᠠᠪᠤᠷ ᠤᠨ ᠤᠯᠠᠷᠢᠯ ᠤᠨ ᠠᠵᠢᠯᠲᠠᠨ ᠡᠯᠰᠡᠬᠦ ᠴᠣᠭᠯᠠᠭᠠᠨ ᠤᠳᠠᠯ ᠦᠭᠡᠢ ᠶᠠᠪᠤᠭᠳᠠᠬᠤ ᠭᠡᠵᠦ ᠪᠠᠶᠢᠨ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠨᠠᠷᠠᠰᠤ ᠴᠣᠭᠯᠠᠭᠠᠨ ᠡᠷᠭᠢᠯᠡᠬᠦ ᠭᠡᠵᠦ ᠪᠠᠶᠢᠭ᠎ᠠ ᠭᠠᠵᠠᠷ ᠢᠦᠢ ᠯᠦᠩ ᠨᠡᠶᠢᠭᠡᠮ ᠲᠣᠭᠤᠷᠢᠭ ᠲᠤ ᠤᠷᠢᠳᠴᠢᠯᠠᠨ ᠢᠷᠡᠵᠦ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠠᠵᠢᠯᠲᠠᠨ ᠡᠯᠰᠡᠬᠦ ᠴᠣᠭᠯᠠᠭᠠᠨ ᠤ ᠤᠴᠢᠷ ᠶᠠᠪᠤᠳᠠᠯ ᠢ ᠶᠠᠷᠢᠯᠴᠠᠪᠠ᠃ ᠨᠠᠷᠠᠰᠤ ᠢᠯᠡᠷᠬᠡᠶᠢᠯᠡᠬᠦ ᠳᠡᠭᠡᠨ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠵᠢᠯ ᠣᠯᠵᠤ ᠦᠢᠯᠡᠰ ᠴᠣᠭᠴᠠᠯᠠᠬᠤ ᠬᠦᠰᠡᠯ ᠲᠠᠢ ᠬᠥᠳᠡᠭᠡ ᠲᠣᠰᠬᠤᠨ ᠤ ᠬᠥᠳᠡᠯᠮᠦᠷᠢᠴᠢᠳ ᠲᠤ ᠠᠵᠢᠯ ᠤᠨ ᠪᠠᠶᠢᠷᠢ ᠬᠠᠩᠭᠠᠵᠤ᠂ ᠠᠵᠢᠯᠴᠢᠨ ᠬᠡᠷᠡᠭᠯᠡᠬᠦ ᠭᠡᠵᠦ ᠪᠠᠶᠢᠭ᠎ᠠ ᠠᠵᠤ ᠠᠬᠤᠶᠢᠯᠠᠯ ᠲᠠᠢ ᠵᠣᠯᠭᠠᠭᠤᠯᠤᠨ᠂ ᠠᠵᠢᠯ ᠡᠷᠢᠬᠦ ᠠᠵᠢᠯᠴᠢᠨ ᠬᠡᠷᠡᠭᠯᠡᠬᠦ ᠲᠠᠪᠴᠠᠩ ᠪᠠᠶᠢᠭᠤᠯᠵᠤ᠂ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠤ ᠦᠢᠯᠡᠰ ᠤᠨ ᠠᠵᠢᠯᠴᠢᠨ ᠬᠡᠷᠡᠭᠯᠡᠬᠦ ᠳᠤ ᠬᠦᠴᠦᠲᠡᠢ ᠪᠠᠲᠤᠯᠠᠭ᠎ᠠ ᠬᠠᠩᠭᠠᠵᠠᠢ ᠭᠡᠪᠡ᠃
1d7931721589d4caf774ff239072f7c.jpg
    ᠵᠢᠯ ᠤᠨ ᠡᠬᠢᠨ ᠠᠴᠠ ᠨᠠᠰᠢ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠪᠦᠬᠦ ᠬᠤᠰᠢᠭᠤᠨ ᠤ ᠠᠵᠢᠯ ᠣᠯᠵᠤ ᠦᠢᠯᠡᠰ ᠪᠣᠰᠬᠠᠬᠤ ᠠᠵᠢᠯ ᠤᠨ ᠶᠡᠷᠦᠩᠬᠡᠢ ᠰᠡᠳᠬᠢᠴᠡ ᠪᠠ ᠱᠠᠭᠠᠷᠳᠠᠯᠭ᠎ᠠ ᠶᠣᠰᠣᠭᠠᠷ᠂ ᠠᠵᠢᠯ ᠣᠯᠭᠤᠬᠤ ᠪᠠᠷ ᠡᠬᠢᠯᠡᠯᠲᠡ ᠶᠢᠨ ᠴᠡᠭ ᠪᠣᠯᠭᠠᠨ᠂ ᠠᠵᠢᠯ ᠤᠨ ᠬᠠᠷᠠᠯᠲᠠ ᠪᠠᠨ ᠴᠢᠩᠭ᠎ᠠ ᠠᠩᠬᠠᠷᠴᠤ᠂ ᠠᠵᠢᠯ ᠤᠨ ᠰᠡᠳᠬᠢᠴᠡ ᠪᠠᠨ ᠰᠢᠨ᠎ᠡ ᠪᠠᠷ ᠡᠭᠦᠳᠴᠦ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠨ ᠠᠵᠢᠯ ᠣᠯᠭᠤᠬᠤ ᠲᠠᠢ ᠤᠶᠠᠯᠳᠤᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ  ᠣᠯᠭᠤᠬᠤ ᠠᠵᠢᠯ ᠤᠨ ᠪᠠᠶᠢᠷᠢ ᠶᠢ ᠤᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠵᠦ᠂ ᠨᠡᠶᠢᠭᠡᠮ ᠤᠨ ᠪᠠᠶᠢᠭᠤᠯᠤᠮᠵᠢ ᠶᠢ ᠥᠷᠭᠡᠨ ᠢᠶᠠᠷ ᠲᠠᠶᠢᠴᠢᠯᠠᠨ᠂ ᠵᠠᠬ᠎ᠠ ᠳᠡᠯᠭᠡᠭᠦᠷᠴᠢᠯᠡᠭᠰᠡᠨ ᠡᠬᠢ ᠪᠠᠶᠠᠯᠢᠭ ᠢ ᠨᠡᠩ ᠰᠠᠶᠢᠲᠤᠷ ᠠᠰᠢᠭᠯᠠᠵᠤ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠶᠢ ᠡᠮᠬᠢ ᠵᠢᠷᠤᠮ ᠲᠠᠢ ᠪᠠᠷ ᠬᠡᠷᠡᠭᠵᠢᠭᠦᠯᠪᠡ᠃ ᠡᠭᠦᠨ ᠤ ᠬᠠᠮᠲᠤ᠂ ᠦᠢᠯᠡᠰ  ᠪᠣᠰᠬᠠᠬᠤ ᠳᠠᠭᠠᠭᠠᠯᠲᠠ ᠶᠢᠨ ᠵᠢᠭᠡᠯᠡᠯᠭᠡ ᠶᠢᠨ ᠤᠬᠠᠭᠤᠯᠭ᠎ᠠ ᠶᠢᠨ ᠡᠷᠴᠢᠮ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠡᠳᠬᠦᠨ ᠳᠡᠮᠵᠢᠬᠦ ᠬᠡᠪᠴᠢᠶ᠎ᠡ ᠪᠠᠨ ᠥᠷᠭᠡᠳᠬᠡᠨ᠂ ᠦᠢᠯᠡᠰ ᠪᠣᠰᠬᠠᠬᠤ ᠦᠢᠯᠡᠴᠢᠯᠡᠭᠡᠨ ᠤ ᠴᠢᠳᠠᠮᠵᠢ ᠪᠠᠨ ᠴᠢᠩᠭᠠᠷᠠᠭᠤᠯᠵᠤ᠂ ᠦᠢᠯᠡᠰ ᠪᠣᠰᠬᠠᠬᠤ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠵᠢᠯ ᠣᠯᠣᠭᠠᠳᠤᠢ  ᠶᠡᠭᠡ ᠰᠤᠷᠭᠠᠭᠤᠯᠢ  ᠲᠡᠭᠦᠰᠦᠭᠰᠡᠨ ᠣᠶᠣᠲᠠᠳ ᠵᠢᠴᠢ ᠮᠠᠯᠴᠢᠨ ᠲᠠᠷᠢᠶᠠᠴᠢᠨ ᠬᠦᠴᠦᠨ ᠠᠵᠢᠯᠲᠠᠳ ᠲᠤ ᠨᠠᠩ ᠰᠠᠶᠢᠨ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠪᠠᠶᠢᠭᠤᠯᠵᠤ ᠥᠭᠪᠡ᠃
00710cad298bea8e3b5f35385f2b745.jpg
    ᠥᠪᠥᠷ ᠮᠣᠩᠭᠤᠯ ᠤᠨ ᠵᠠᠷᠣᠳ ᠬᠤᠰᠢᠭᠤᠨ ᠤ ᠮᠦ ᠶᠣᠸᠠᠨ ᠮᠠᠯ ᠲᠠᠷᠢᠶᠠᠯᠠᠩ ᠤᠨ ᠬᠢᠵᠠᠭᠠᠷᠲᠤ ᠺᠣᠮᠫᠠᠨᠢ ᠪᠣᠯ ᠨᠢᠭᠡᠨ ᠲᠤᠰᠬᠠᠢ ᠭᠠᠭ᠋ᠠᠢ ᠲᠡᠵᠢᠭᠡᠬᠦ ᠠᠵᠤ ᠠᠬᠤᠶᠢᠯᠠᠯ ᠪᠣᠯᠣᠨ᠎ᠠ᠂ ᠬᠡᠪᠴᠢᠶᠡᠵᠢᠭᠦᠯᠦᠨ ᠭᠠᠭ᠋ᠠᠢ ᠲᠡᠵᠢᠭᠡᠬᠦ ᠮᠡᠷᠭᠡᠵᠢᠯ  ᠨᠢ ᠤᠯᠤᠰ ᠤᠨ ᠳᠣᠲᠣᠭᠠᠳᠤ ᠶᠢᠨ ᠡᠮᠦᠨ᠎ᠡ ᠡᠩᠨᠡᠭᠡᠨ ᠳᠤ ᠣᠷᠣᠵᠤ᠂ ᠰᠢᠨᠵᠢᠯᠡᠭᠡ ᠮᠡᠷᠭᠡᠵᠢᠯ ᠤᠨ ᠰᠤᠳᠤᠯᠤᠨ ᠨᠡᠭᠡᠭᠡᠬᠦ᠂ ᠲᠡᠵᠢᠭᠡᠯ ᠪᠣᠷᠳᠤᠭ᠎ᠠ ᠡᠳ᠋ᠰᠢᠭᠦᠯᠬᠦ᠂ ᠠᠮᠢᠳᠤ ᠭᠠᠭ᠋ᠠᠢ ᠶᠢᠨ ᠡᠭᠦᠯᠳᠡᠷ ᠪᠣᠶᠢᠵᠢᠭᠤᠯᠬᠤ᠂ ᠡᠭᠦᠯᠳᠡᠷ ᠤᠨ ᠭᠠᠭ᠋ᠠᠢ ᠦᠷᠡᠵᠢᠭᠦᠯᠦᠨ ᠪᠣᠶᠢᠵᠢᠭᠤᠯᠬᠤ ᠵᠢᠴᠢ ᠨᠢᠲᠤᠯᠵᠤ ᠡᠳ᠋ᠰᠢᠭᠦᠯᠬᠦ ᠶᠢ ᠬᠠᠪᠰᠤᠷᠭᠠᠵᠤ ᠪᠤᠢ᠃ ᠲᠣᠰ ᠺᠣᠮᠫᠠᠨᠢ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠬᠡᠯᠲᠡᠰ ᠤᠨ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ︽ᠺᠣᠮᠫᠠᠨᠢ ᠶᠢᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠡᠯ᠎ᠡ ᠲᠥᠷᠥᠯ ᠤᠨ ᠴᠢᠳᠠᠪᠤᠷᠢᠲᠠᠨ ᠳᠤ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠬᠠᠪᠤᠷ ᠤᠨ ᠤᠯᠠᠷᠢᠯ ᠤᠨ ᠠᠵᠢᠯᠲᠠᠨ ᠡᠯᠰᠡᠬᠦ ᠴᠤᠭᠯᠠᠭᠠᠨ ᠨᠢ ᠠᠵᠤ ᠠᠬᠤᠶᠢᠯᠠᠯ ᠪᠠ ᠴᠢᠳᠠᠪᠤᠷᠢᠲᠠᠨ ᠳᠤ ᠬᠤᠣᠰ ᠴᠢᠭᠯᠡᠯᠲᠦ ᠰᠣᠩᠭᠤᠯᠲᠠ ᠶᠢ ᠠᠯᠢ ᠲᠦᠷᠭᠡᠨ ᠢᠶᠠᠷ ᠪᠡᠶᠡᠯᠡᠭᠦᠯᠬᠦ ᠳᠤ ᠬᠠᠪᠰᠤᠷᠤᠮᠵᠢ ᠪᠣᠯᠵᠤ᠂ ᠠᠵᠢᠯᠲᠠᠨ ᠡᠯᠰᠡᠬᠦ ᠠᠵᠢᠯ ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ︾ ᠭᠡᠪᠡ᠃
e276689f281a052961fdd191e41f535.jpg
    ᠠᠵᠢᠯ ᠣᠯᠭᠤᠬᠤ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠨᠢᠭᠡ ᠲᠠᠯ᠎ᠠ ᠪᠠᠷ ᠠᠷᠠᠳ ᠤᠯᠠᠨ ᠤ ︽ᠪᠤᠳᠠᠭᠠᠨ ᠠᠶᠠᠭ᠎ᠠ︾ ᠲᠠᠢ ᠬᠤᠯᠪᠣᠭᠳᠠᠵᠤ᠂ ᠨᠦᠭᠦᠭᠡ ᠲᠠᠯ᠎ᠠ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ ᠡᠨᠡ ᠵᠢᠯ᠂ ᠵᠠᠷᠤᠳ ᠬᠤᠰᠢᠭᠤ ᠰᠠᠯᠠᠭ᠎ᠠ ᠮᠥᠴᠢᠷ ᠤᠨ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠠᠵᠢᠯ ᠣᠯᠭᠤᠬᠤ ᠠᠷᠭ᠎ᠠ ᠵᠠᠮ ᠢᠶᠠᠨ ᠲᠠᠰᠤᠷᠠᠯᠲᠠ ᠦᠭᠡᠢ ᠥᠷᠭᠡᠳᠬᠡᠵᠦ᠂ ᠠᠵᠢᠯ ᠣᠯᠭᠤᠬᠤ ᠲᠠᠪᠴᠠᠩ ᠪᠠᠶᠢᠭᠤᠯᠤᠨ᠂ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠨᠢᠭᠡ ᠢᠵᠢ ︽ᠬᠠᠮ ᠠᠷᠭ᠎ᠠ︾ ᠪᠠᠷ ᠠᠵᠢᠯ ᠣᠯᠭᠤᠯᠲᠠ ᠶᠢᠨ ᠰᠠᠶᠢᠨ ᠠᠭᠤᠷ ᠠᠮᠢᠰᠬᠤᠯ ᠢ ᠪᠤᠢ ᠪᠣᠯᠭᠠᠵᠤ᠂ ᠠᠷᠠᠳ ᠤᠨ ᠠᠮᠢᠳᠤᠷᠠᠯ ᠤᠨ ︽ᠰᠠᠭᠤᠷᠢ ᠴᠢᠯᠠᠭᠤ︾ ᠶᠢ ᠲᠣᠭᠲᠠᠪᠣᠷᠢᠵᠢᠭᠤᠯᠪᠠ᠃ ᠣᠶᠢᠯᠠᠭᠠᠭᠰᠠᠨ ᠢᠶᠠᠷ᠂ 2022 ᠣᠨ ᠳᠤ ᠬᠤᠰᠢᠭᠤ ᠳᠠᠶᠠᠭᠠᠷ ᠲᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠨᠡᠶᠢᠲᠡ 9 ᠤᠳᠠᠭ᠎ᠠ ᠬᠠᠩᠭᠠᠵᠤ᠂ ᠰᠦᠯᠵᠢᠶᠡᠨ ᠳᠡᠭᠡᠷᠡᠬᠢ ᠠᠵᠢᠯ ᠡᠷᠢᠬᠦ ᠠᠵᠢᠯᠲᠠᠨ ᠡᠯᠰᠡᠬᠦ ᠴᠤᠭᠯᠠᠭᠠᠨ 4 ᠤᠳᠠᠭ᠎ᠠ  ᠡᠷᠬᠢᠯᠡᠵᠦ᠂ 533 ᠠᠵᠢᠯᠴᠢᠨ ᠡᠯᠰᠡᠬᠦ ᠠᠵᠤ ᠠᠬᠤᠶᠢᠯᠠᠯ ᠠᠴᠠ ᠠᠵᠢᠯ ᠤᠨ ᠪᠠᠶᠢᠷᠢ ᠶᠢᠨ ᠮᠡᠳᠡᠭᠡ ᠵᠠᠩᠭᠢ 2042 ᠬᠠᠩᠭᠠᠵᠤ᠂ ᠠᠵᠢᠯᠴᠢᠨ ᠡᠯᠰᠡᠬᠦ ᠠᠵᠢᠯᠯᠠᠭ᠎ᠠ ᠳᠤ ᠨᠡᠶᠢᠲᠡ 5217 ᠬᠥᠮᠥᠨ ᠤᠳᠠᠭ᠎ᠠ ᠣᠷᠣᠯᠴᠠᠭᠰᠠᠨ ᠪᠠᠶᠢᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号