ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ︽ᠭᠤᠷᠪᠠ ᠶᠢ ᠴᠢᠩᠭᠠᠳᠬᠠᠵᠤ︾ ᠮᠡᠷᠭᠡᠵᠢᠯ ᠤᠨ ᠴᠣᠯᠠ ᠰᠢᠯᠭᠠᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2023/2/15
      ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠪᠠ ᠴᠢᠳᠠᠪᠤᠷᠢᠲᠠᠨ ᠢ ᠦᠨᠡᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠪᠦᠬᠦ ᠬᠤᠰᠢᠭᠤᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠭᠡᠬᠦ ᠶᠢᠨ ᠲᠦᠯᠤᠭᠡ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠮᠡᠷᠭᠡᠵᠢᠯ ᠤᠨ ᠴᠣᠯᠠ ᠰᠢᠯᠭᠠᠷᠠᠭᠤᠯᠬᠤ ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠬᠤᠪᠢᠷᠠᠯᠲᠠ ᠪᠠ ᠮᠡᠷᠭᠡᠵᠢᠯ ᠤᠨ ᠴᠣᠯᠠ ᠮᠡᠳᠡᠭᠦᠯᠬᠦ ᠲᠤᠬᠠᠢ ᠬᠠᠮᠢᠶ᠎ᠠ ᠪᠦᠬᠦᠢ ᠮᠠᠲ᠋ᠧᠷᠢᠶᠠᠯ ᠤᠨ ᠨᠠᠷᠢᠨ ᠲᠠᠩᠰᠠ ᠶᠢ ᠸᠢᠴᠠᠲ ᠤᠨ ᠪᠦᠯᠦᠭ᠂ ᠨᠡᠶᠢᠲᠡ ᠶᠢᠨ ᠳ᠋ᠤᠭᠠᠷ ᠲᠤ ᠨᠡᠶᠢᠳᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠯ᠎ᠡ ᠠᠵᠢᠯ ᠦᠢᠯᠡᠰ ᠤᠨ ᠨᠢᠭᠡᠴᠡ ᠵᠢᠴᠢ ᠲᠤᠰᠬᠠᠢ ᠮᠡᠷᠭᠡᠵᠢᠯ ᠤᠨ ᠠᠵᠢᠯᠲᠠᠨ ᠳᠤ ᠴᠠᠭ ᠲᠤᠬᠠᠢ ᠳᠤᠨᠢ ᠤᠬᠠᠭᠤᠯᠬᠤ ᠶᠢᠨ ᠬᠠᠮᠲᠤ ᠮᠡᠷᠭᠡᠵᠢᠯ ᠤᠨ ᠴᠣᠯᠠ ᠮᠡᠳᠡᠭᠦᠯᠬᠦ ᠯᠠᠪᠯᠠᠯᠲᠠ ᠶᠢᠨ ᠤᠲᠠᠰᠤ ᠪᠠᠨ ᠢᠯᠡ ᠪᠤᠯᠭᠠᠨ᠂ ᠲᠥᠷᠥ ᠶᠢᠨ ᠪᠣᠳᠣᠯᠭ᠎ᠠ ᠶᠢᠨ ᠲᠤᠬᠠᠢ ᠠᠰᠠᠭᠤᠯᠳᠠ ᠶᠢ ᠬᠦᠯᠢᠴᠡᠩᠭᠦᠢ ᠨᠢᠮᠪᠠᠢ ᠰᠠᠶᠢᠲᠤᠷ ᠬᠠᠷᠢᠭᠤᠯᠵᠦ᠂ ᠮᠡᠷᠭᠡᠵᠢᠯ ᠤᠨ ᠴᠣᠯᠠ ᠰᠢᠯᠭᠠᠷᠠᠭᠤᠯᠬᠤ ᠠᠵᠢᠯ ᠤᠨ ᠴᠠᠭ ᠬᠤᠭᠤᠴᠠᠭ᠎ᠠ ᠵᠠᠩᠭᠢᠯᠠᠭ᠎ᠠ ᠶᠢ ᠠᠳᠬᠤᠵᠦ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠦᠨᠡᠨ ᠬᠦ ᠪᠠᠳᠤᠯᠠᠪᠠ᠃ 2022 ᠣᠨ ᠳᠤ᠂ ᠪᠥᠬᠦ ᠬᠤᠰᠢᠭᠤᠨ ᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ 519 ᠬᠦᠮᠤᠨ ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ 237 ᠬᠦᠮᠤᠨ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ 412 ᠬᠦᠮᠤᠨ ᠮᠡᠳᠡᠭᠦᠯᠤᠨ ᠭᠤᠶᠤᠴᠢᠯᠠᠪᠠ᠃      
微信图片_20230215095657.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号