ᠵᠠᠷᠤᠳ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠵᠢᠴᠢ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠪᠠᠲᠤᠯᠠᠭ᠎ᠠ ᠶᠢᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/2/16
    2 ᠰᠠᠷ᠎ᠠ ᠶᠢᠨ 14 ᠤ ᠡᠳᠦᠷ᠂ ᠵᠠᠷᠤᠳ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠵᠢᠴᠢ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠪᠠᠲᠤᠯᠠᠭ᠎ᠠ ᠶᠢᠨ ᠠᠵᠢᠯ ᠤᠨ ᠬᠤᠷᠠᠯ ᠬᠢᠵᠦ᠂ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠭᠦᠸᠧ ᠮᠢᠩ ᠴᠢᠶᠦ᠋ᠨ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ ᠲᠠᠯᠠᠪᠠᠶ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
c250fb0dbc0f9822006a3ec707337a4.jpg
   ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ︽ᠭᠤᠣᠯ ᠬᠠᠷᠢᠭᠤᠴᠠᠯᠭᠠᠲᠠᠨ ︾ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠯ᠎ᠡ ᠲᠠᠯ᠎ᠠ ᠶᠢᠨ ᠡᠬᠢ ᠪᠠᠶᠠᠯᠢᠭ ᠪᠠ ᠬᠦᠴᠦᠨ ᠢᠶᠠᠨ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠠᠯᠢ ᠲᠦᠷᠭᠡᠨ ᠢᠶᠠᠷ ᠲᠣᠬᠢᠲᠠᠢ ᠰᠢᠢᠳᠪᠦᠷᠢᠯᠡᠬᠦ  ᠶᠢ ᠲᠦᠯᠬᠢᠨ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠬᠠᠷᠠᠭᠠᠰᠤ ᠠᠴᠠ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠬᠠᠨᠳᠤᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠢᠳᠡᠪᠬᠢᠲᠡᠢ ᠪᠦᠷᠢᠯᠳᠦᠭᠦᠯᠵᠦ᠂ ᠠᠩᠬᠠᠨ ᠤ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠢ ᠭᠡᠪᠡ᠃
cd0e98b31302e2ec89baa79c31f3f5a.jpg
   ᠱᠤᠤ ᠶᠠᠨ ᠵᠢᠶᠦ᠋ᠨ ᠱᠠᠭᠠᠷᠳᠠᠭᠰᠠᠨ ᠨᠢ᠂ ᠤᠯᠠᠨ ᠡᠰᠢᠲᠦ ᠤᠷᠢᠳᠴᠢᠯᠠᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠪᠠ ᠰᠢᠢᠳᠪᠦᠷᠢᠯᠡᠬᠦ ᠲᠣᠭᠲᠠᠴᠠ ᠶᠢ ᠰᠦᠪᠡᠭᠴᠢᠯᠡᠨ ᠪᠦᠷᠢᠨᠰᠢᠭᠦᠯᠵᠦ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠪᠠ ᠪᠠᠴᠢᠮᠳᠠᠵᠤ ᠪᠡᠷᠭᠡᠳᠡᠵᠦ ᠬᠦᠴᠢᠷᠳᠡᠵᠦ ᠬᠦᠰᠡᠵᠦ ᠪᠠᠶᠢᠭ᠎ᠠ ᠠᠰᠠᠭᠤᠳᠠᠯ ᠢ ᠣᠶᠢᠯᠠᠭᠠᠵᠤ᠂ ᠵᠥᠷᠢᠴᠡᠯ ᠤᠨ ᠳᠠᠯᠲᠠ ᠭᠡᠮ ᠢ ᠡᠷᠲᠡ ᠢᠯᠡᠷᠡᠭᠦᠯᠵᠦ᠂ ᠪᠠᠭ᠎ᠠ ᠳᠡᠭᠡᠷ᠎ᠡ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠬᠠᠨᠳᠤᠯᠭᠠᠲᠤ ᠴᠢᠨᠠᠷ ᠢᠶᠠᠷ ᠴᠢᠩᠭ᠎ᠠ ᠵᠠᠬᠢᠳᠠᠯ ᠰᠣᠷᠪᠤᠯᠵᠢᠯᠠᠭ᠎ᠠ ᠶᠢᠨ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠪᠡᠷᠬᠡ ᠰᠡᠳᠦᠪ ᠢ ᠵᠢᠭᠰᠠᠭᠠᠨ ᠪᠠᠶᠢᠴᠠᠭᠠᠨ ᠰᠢᠢᠳᠪᠦᠷᠢᠯᠡᠵᠦ᠂ ︽ᠤᠴᠢᠷ ᠶᠠᠪᠤᠳᠠᠯ ᠪᠠᠭ᠎ᠠ ᠭᠡᠵᠦ ᠪᠣᠯᠬᠤ ᠦᠭᠡᠢ᠂ ᠵᠠᠩᠭᠢᠯᠠᠭ᠎ᠠ ᠨᠢ ᠰᠢᠢᠳᠪᠦᠷᠢᠯᠡᠬᠦ ᠳᠤ ᠪᠤᠢ ᠭᠡᠬᠦ︾ ᠣᠪᠣᠷ ᠪᠠ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠤᠯᠠᠨ ᠲᠦᠮᠡᠨ ᠤ ᠢᠲᠡᠭᠡᠯ ᠪᠠ ᠵᠥᠪᠰᠢᠶᠡᠷᠡᠯ ᠢ ᠣᠯᠬᠤ ᠬᠡᠷᠡᠭᠲᠡᠢ ᠃ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠬᠢᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠪᠥᠬᠦ ᠶᠠᠪᠤᠴᠠ ᠳᠤ ᠮᠥᠷᠳᠡᠨ ᠰᠢᠪᠠᠳᠠᠵᠤ᠂ ᠴᠠᠭ ᠲᠤᠬᠠᠢ ᠳᠤᠨᠢ ᠵᠢᠯᠣᠭᠤᠳᠤᠨ ᠵᠣᠬᠢᠴᠠᠭᠤᠯᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠪᠦᠬᠦ ᠲᠠᠯ᠎ᠠ ᠶᠢ ᠵᠣᠬᠢᠴᠠᠭᠤᠯᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号