ᠦᠨᠡᠭᠡᠴᠢ ᠮᠠᠯᠵᠢᠯ ᠤᠨ ᠲᠠᠯᠠᠪᠠᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/2/17
      2 ᠰᠠᠷ᠎ᠠ ᠶᠢᠨ 15  ᠤ ᠡᠳᠦᠷ᠂ ᠦᠨᠡᠭᠡᠴᠢ ᠮᠠᠯᠵᠢᠯ ᠤᠨ ᠲᠠᠯᠠᠪᠠᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ᠃ ᠪᠣᠯᠪᠠᠰᠤᠷᠠᠯ ᠤᠨ ᠳᠤᠮᠳᠠ᠂ ᠯᠧᠺᠲ᠋ᠣᠷ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ᠂ ᠠᠮᠢᠳᠤᠯᠢᠭ ᠪᠣᠳᠠᠲᠠᠢ ᠬᠡᠷᠡᠭ ᠤᠨ ᠵᠢᠱᠢᠶ᠎ᠡ ᠪᠠᠷ ᠣᠯᠠᠨ ᠳᠤ ᠠᠯᠠᠰᠢᠨ ᠦᠬᠡᠷ ᠤᠨ ᠡᠭᠦᠯᠳᠡᠷ ᠢ ᠰᠣᠩᠭᠤᠬᠤ ᠪᠠ ᠰᠠᠶᠢᠵᠢᠷᠠᠭᠤᠯᠬᠤ᠂ ᠲᠤᠭᠤᠯ᠂ ᠠᠯᠠᠰᠢᠨ ᠦᠬᠡᠷ ᠲᠡᠵᠢᠭᠡᠬᠦ ᠭᠤᠣᠯᠳᠠᠯᠭ᠎ᠠ ᠪᠠ ᠠᠷᠠᠴᠢᠯᠠᠬᠤ ᠠᠷᠭ᠎ᠠ ᠮᠠᠶ᠋ᠢᠭ᠂ ᠡᠪᠡᠰᠦ ᠪᠣᠷᠳᠤᠭ᠎ᠠ ᠳᠠᠷᠢᠬᠤ ᠪᠠ ᠪᠣᠯᠪᠠᠰᠤᠷᠠᠭᠤᠯᠵᠤ ᠨᠠᠶᠢᠷᠠᠭᠤᠯᠬᠤ᠂ ᠠᠯᠠᠰᠢᠨ ᠦᠬᠡᠷ ᠠᠷᠠᠴᠢᠯᠠᠵᠤ ᠬᠠᠮᠢᠶᠠᠷᠬᠤ ᠵᠢᠴᠢ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠮᠡᠷᠭᠡᠵᠢᠯ ᠵᠡᠷᠭᠡ ᠮᠡᠳᠡᠯᠭᠡ ᠶᠢ ᠨᠠᠷᠢᠨ ᠲᠠᠶᠢᠯᠪᠤᠷᠢᠯᠠᠵᠤ ᠥᠭᠭᠦᠭᠰᠡᠨ ᠪᠥᠭᠡᠳ ᠲᠡᠵᠢᠭᠡᠪᠤᠷᠢ ᠶᠢᠨ ᠡᠷᠦᠬᠡ ᠶᠢᠨ ᠲᠡᠵᠢᠭᠡᠨ ᠦᠷᠡᠵᠢᠭᠦᠯᠬᠦ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠬᠠᠷᠢᠭᠤᠯᠳᠠ ᠦᠭᠪᠡ᠃      
微信图片_20230217101628.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号