| 2 ᠰᠠᠷ᠎ᠠ ᠶᠢᠨ 16 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠢᠦᠢ ᠹᠦ᠋ ᠭᠡᠷᠴᠢᠯᠠᠭᠤ ᠰᠤᠮᠤ ᠶᠢᠨ ᠮᠠᠩᠬᠠᠲᠤ ᠭᠠᠴᠠᠭ᠎ᠠ ᠳᠤ | ᠬᠦᠷᠴᠦ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ᠂ | ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠬᠤᠶᠢᠰᠢᠳᠠ ᠶᠢᠨ ᠬᠥᠭᠵᠢᠯᠲᠡ ᠶᠢᠨ ᠰᠡᠳᠬᠢᠮᠵᠢ ᠶᠢ ᠨᠠᠷᠢᠨ | ᠣᠶᠢᠯᠠᠭᠠᠪᠠ᠃ | | | ᠯᠢ ᠢᠦᠢ ᠹᠦ᠋ ᠴᠢᠬᠤᠯᠠᠴᠢᠯᠠᠭᠰᠠᠨ ᠨᠢ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠶᠠᠰᠤ ᠴᠢᠨᠠᠷ | ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠡᠨᠡᠬᠦ ᠲᠥᠷᠦᠯ ᠵᠦᠢᠯ ᠶᠢᠨ ᠬᠡᠷᠡᠭᠵᠢᠭᠦᠯᠦᠯᠲᠡ ᠶᠢ ᠭᠦᠢᠴᠡᠳ | ᠠᠰᠢᠭᠯᠠᠨ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠳᠣᠯᠣᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠳᠤ ᠢᠳᠡᠪᠬᠢᠲᠡᠢ ᠣᠷᠣᠯᠴᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ ᠠᠬᠢᠭᠤᠯᠵᠤ᠂ ᠲᠦᠷᠦᠯ ᠵᠦᠢᠯ ᠤᠨ | ᠡᠷᠲᠡ ᠦᠷ᠎ᠡ ᠪᠦᠲᠦᠮᠵᠢ ᠣᠯᠵᠤ᠂ ᠤᠯᠠᠨ ᠲᠦᠮᠡᠨ ᠳᠤ ᠡᠷᠲᠡ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ ᠭᠡᠪᠡ᠃ | | ᠯᠢ ᠢᠦᠢ ᠹᠦ᠋ ᠱᠠᠭᠠᠷᠳᠠᠭᠰᠠᠨ ᠨᠢ᠂ ᠠᠵᠤ ᠦᠢᠯᠡᠰ ᠤᠨ ᠲᠥᠷᠥᠯ ᠵᠦᠢᠯ ᠤᠨ ᠬᠡᠷᠡᠭᠯᠡᠯᠲᠡ ᠶᠢᠨ ᠲᠠᠯ᠎ᠠ ᠪᠠᠷ | ᠰᠤᠮᠤ ᠶᠢᠨ ᠵᠠᠰᠠᠭ ᠤᠨ ᠣᠷᠳᠣᠨ᠂ ᠭᠠᠴᠠᠭ᠎ᠠ ᠬᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠯᠴᠢᠨ ᠲᠦᠮᠡᠨ ᠤ ᠰᠠᠨᠠᠯ ᠢ ᠭᠦᠢᠴᠡᠳ | ᠰᠣᠨᠣᠰᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ | ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠣᠰ ᠲᠥᠷᠥᠯ ᠵᠦᠢᠯ ᠢ ᠲᠦᠷᠭᠡᠳᠬᠡᠨ | ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠨᠥᠯᠥᠭᠡᠯᠡᠨ | ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠤᠨ᠂ ᠠᠵᠤ ᠦᠢᠯᠡᠰ ᠢᠶᠠᠷ ᠦᠨᠳᠦᠰᠦᠲᠡᠨ ᠤ ᠬᠥᠳᠡᠭᠡ ᠲᠣᠰᠬᠤᠨ ᠤ | ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠥᠲᠥᠯᠥᠨ ᠳᠠᠭᠠᠭᠤᠯᠵᠤ᠂ | ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠶᠢᠨ ᠳᠠᠭᠠᠣ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ | ᠭᠡᠪᠡ᠃ | ᠣᠶᠢᠯᠠᠭᠠᠭᠰᠠᠨ ᠢᠶᠠᠷ᠂ 2022 ᠣᠨ ᠳᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠬᠢᠨ | ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ | ᠪᠡᠯᠡ ᠮᠥᠩᠭᠦ ᠶᠢ 495 ᠲᠦᠮᠡᠨ ᠲᠥᠭᠦᠷᠢᠭ ᠭᠤᠶᠣᠴᠢᠯᠠᠨ ᠣᠯᠵᠤ᠂ 2500 ᠲᠦᠮᠡᠨ ᠲᠥᠭᠦᠷᠢᠭ ᠵᠢᠭᠡᠯᠡᠯᠭᠡ | ᠵᠣᠬᠢᠴᠠᠭᠤᠯᠵᠤ ᠦᠭᠪᠡ᠃ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠬᠢᠨ ᠨᠢᠭᠡᠳᠦᠯᠲᠡᠢ | ᠲᠥᠯᠥᠪᠯᠡᠨ ᠬᠡᠷᠡᠭᠯᠡᠬᠦ ᠶᠢ ᠪᠠᠷᠢᠮᠲᠠᠯᠠᠵᠤ᠂ ᠦᠨᠳᠦᠰᠦᠲᠡᠨ ᠤ ᠭᠠᠵᠠᠷ ᠣᠷᠣᠨ ᠤ ᠣᠨᠴᠠᠯᠢᠭ᠂ ᠳᠠᠪᠠᠭᠤᠯᠢᠭ ᠠᠵᠤ | ᠦᠢᠯᠡᠰ ᠤᠨ ᠬᠥᠭᠵᠢᠯᠲᠡ ᠶᠢ ᠦᠨᠡᠨ ᠬᠦ ᠳᠡᠮᠵᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠭᠤᠷᠢ ᠶᠢ | ᠤᠯᠠᠮ ᠨᠢᠭᠡ ᠠᠯᠬᠤᠮ ᠪᠠᠲᠤᠳᠬᠠᠪᠠ᠃ | | | |