ᠵᠠᠷᠤᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠢᠨ ᠲᠡᠨᠤᠭᠦᠯ ᠪᠠᠳᠠᠷᠴᠢᠨ ᠢ ᠲᠣᠬᠢᠲᠠᠢ ᠲᠥᠪᠬᠢᠨᠡᠭᠦᠯᠪᠡ
ᠨᠡᠶᠢᠲᠡᠯᠡᠭᠰᠡᠨ ᠴᠠᠭ᠄
2023/2/17
       2 ᠰᠠᠷ᠎ᠠ ᠶᠢᠨ 15 ᠤ ᠡᠳᠦᠷ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠢᠨ ᠬᠤᠲᠠ ᠶᠢᠨ ᠠᠪᠤᠷᠠᠨ ᠲᠤᠰᠠᠯᠠᠬᠤ ᠥᠷᠲᠡᠭᠡ ᠠᠴᠠ ᠬᠦᠷᠭᠡᠵᠦ ᠢᠷᠡᠭᠰᠡᠨ  ᠲᠡᠨᠤᠭᠦᠯ ᠪᠠᠳᠠᠷᠴᠢᠨ ᠢ ᠲᠣᠬᠢᠲᠠᠢ ᠲᠥᠪᠬᠢᠨᠡᠭᠦᠯᠪᠡ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠡᠷ ᠤᠨ ᠬᠥᠮᠥᠨ ᠲᠡᠭᠡᠨ ᠠᠰᠠᠷᠠᠵᠦ ᠬᠠᠮᠢᠶᠠᠷᠬᠤ ᠲᠡᠨᠦᠭᠦᠯ ᠪᠠᠳᠠᠷᠴᠢᠨ ᠲᠤ ᠴᠢᠭᠯᠡᠭᠦᠯᠦᠨ ᠲᠡᠭᠦᠨ ᠳᠤ ᠲᠥᠷᠥ ᠶᠢᠨ ᠪᠣᠳᠣᠯᠭ᠎ᠠ ᠳᠤ ᠨᠡᠶᠢᠴᠡᠬᠦ ᠡᠯ᠎ᠡ ᠵᠦᠢᠯ ᠤᠨ ᠠᠪᠤᠷᠠᠨ ᠲᠤᠰᠠᠯᠠᠯᠲᠠ ᠭᠤᠶᠤᠴᠢᠯᠠᠬᠤ ᠶᠢᠨ ᠬᠠᠮᠲᠤ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ᠂ ᠪᠠᠶᠠᠷᠳᠤᠬᠤᠰᠢᠭᠤ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠲᠥᠪᠯᠡᠷᠡᠭᠦᠯᠦᠨ ᠠᠰᠠᠷᠠᠨ ᠲᠡᠵᠢᠭᠡᠪᠡ᠃ ᠵᠠᠯᠭᠠᠭᠠᠳ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠵᠢᠯ ᠤᠨ ᠠᠷᠭ᠎ᠠ ᠬᠡᠯᠪᠡᠷᠢ ᠪᠠᠨ ᠢᠳᠡᠪᠬᠢᠲᠡᠢ ᠰᠢᠨᠡᠴᠢᠯᠡᠵᠦ᠂ ᠣᠯᠠᠨ ᠠᠷᠭ᠎ᠠ ᠬᠡᠮᠵᠢᠶ᠎ᠡ᠂ ᠣᠯᠠᠨ ᠠᠷᠭ᠎ᠠ ᠵᠠᠮ ᠢᠶᠠᠷ ᠲᠡᠨᠤᠭᠦᠯ ᠪᠠᠳᠠᠷᠴᠢᠨ ᠢ ᠠᠪᠤᠷᠠᠨ ᠲᠤᠰᠠᠯᠠᠬᠤ ᠬᠠᠶᠢᠷ᠎ᠠ ᠬᠠᠯᠠᠮᠵᠢ ᠶᠢᠨ ᠲᠤᠤᠷ ᠪᠠᠶᠢᠭᠤᠯᠵᠤ᠂ ᠲᠡᠨᠤᠭᠦᠯ ᠪᠠᠳᠠᠷᠴᠢᠳ ᠢ ᠨᠢᠭᠡ ᠣᠯᠵᠤ ᠮᠡᠳᠡᠪᠡᠯ ᠨᠢᠭᠡ ᠶᠢ ᠠᠪᠤᠷᠠᠨ ᠲᠤᠰᠠᠯᠠᠬᠤ ᠶᠢ ᠦᠨᠡᠨᠬᠦ ᠪᠠᠳᠤᠯᠠᠬᠤ ᠪᠠᠷ ᠪᠤᠢ᠃       
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号