2 ᠰᠠᠷ᠎ᠠ ᠶᠢᠨ 16 ᠤ ᠡᠳᠦᠷ᠂ ᠵᠠᠷᠤᠳ ᠬᠤᠰᠢᠭᠤ ᠭᠤᠸᠠᠩ ᠺᠧᠨ ᠪᠦᠯᠦᠭᠯᠡᠯ ᠤᠨ ᠲᠠᠷᠢᠶᠠᠯᠠᠩ ᠤᠨ | ᠬᠥᠭᠵᠢᠭᠦᠯᠦᠯᠲᠡ ᠶᠢᠨ ᠺᠣᠮᠫᠠᠨᠢ ᠲᠠᠢ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ | ᠬᠤᠷᠢᠶ᠎ᠠ ᠶᠢᠨ ᠱᠦᠵᠢ ᠱᠣᠸ ᠶᠠᠨ ᠵᠢᠶᠦ᠋ᠨ ᠪᠥᠬᠦ ᠬᠤᠰᠢᠭᠤᠨ ᠤ ᠲᠠᠷᠢᠶᠠᠯᠠᠩ ᠤᠨ ᠠᠵᠤ ᠦᠢᠯᠡᠰ᠂ ᠦᠬᠡᠷ | ᠬᠤᠨᠢᠨ ᠤ ᠠᠵᠤ ᠦᠢᠯᠡᠰ ᠤᠨ ᠣᠳᠣᠬᠢ ᠪᠠᠶᠢᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠪᠠᠨ | ᠲᠠᠨᠢᠯᠴᠠᠭᠤᠯᠵᠤ᠂ ᠭᠤᠸᠠᠩ ᠺᠧᠨ ᠪᠦᠯᠦᠭᠯᠡᠯ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠼᠠᠢ ᠵᠢᠶᠧ ᠪᠦᠯᠦᠭᠯᠡᠯ ᠤᠨ ᠳᠠᠪᠠᠭᠤᠯᠢᠭ ᠲᠠᠯ᠎ᠠ ᠵᠢᠴᠢ ᠲᠥᠷᠥᠯ ᠵᠦᠢᠯ ᠤᠨ | ᠲᠥᠯᠦᠪᠵᠢᠭᠦᠯᠭᠡ ᠪᠠᠨ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠨ ᠠᠵᠢᠯᠯᠠᠬᠤ ᠬᠠᠮᠲᠤ ᠶᠢᠨ | ᠲᠠᠨᠢᠯᠲᠠ ᠲᠠᠢ ᠪᠣᠯᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ | ᠯᠠᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠳᠡᠳ᠋ | ᠬᠤᠰᠢᠭᠤᠨ ᠳᠠᠷᠤᠭ᠎ᠠ ᠼᠦᠢ ᠯᠧᠢ ᠯᠧᠢ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃ | | | |