ᠲᠥᠩᠯᠢᠶᠦᠦ ᠬᠤᠲᠠ ᠶᠢᠨ ᠵᠠᠷᠤᠳ ᠬᠤᠰᠢᠭᠤᠨ ᠤ ᠨᠠᠪᠴᠢᠨ ᠲᠠᠮᠠᠬᠢᠨ ᠪᠦᠲᠦᠭᠡᠭᠳᠡᠬᠦᠨ ᠤ ᠰᠤᠯᠠ ᠬᠤᠳᠠᠯᠳᠤᠬᠤ ᠴᠡᠭ ᠢ ᠵᠦᠢ ᠵᠣᠬᠢᠰᠲᠠᠢ ᠪᠠᠶᠢᠷᠢᠰᠢᠭᠤᠯᠤᠯᠲᠠ  ᠬᠢᠭᠰᠡᠨ ᠲᠥᠯᠦᠪᠵᠢᠭᠦᠯᠭᠡ ︵ᠲᠥᠰᠥᠯ︶
ᠨᠡᠶᠢᠲᠡᠯᠡᠭᠰᠡᠨ ᠴᠠᠭ᠄
2023/2/17
          ᠨᠢᠭᠡᠳᠦᠭᠡᠷ ᠵᠦᠢᠯ  ᠨᠠᠪᠴᠢᠨ ᠲᠠᠮᠠᠬᠢ ᠶᠢ ᠲᠤᠰᠬᠠᠢ ᠬᠤᠳᠠᠯᠳᠤᠬᠤ ᠰᠤᠯᠠ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠨᠠᠪᠴᠢᠨ ᠲᠠᠮᠠᠬᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠬᠡᠷᠡᠭᠯᠡᠭᠴᠢᠳ ᠪᠣᠯᠣᠨ ᠨᠠᠰᠤᠨ ᠳᠤ ᠥᠯᠥ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠪᠴᠢᠨ ᠲᠠᠮᠠᠬᠢ ᠲᠤᠰᠬᠠᠢ ᠬᠤᠳᠠᠯᠳᠤᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠪᠴᠢᠨ ᠲᠠᠮᠠᠬᠢ ᠲᠤᠰᠬᠠᠢ ᠬᠤᠳᠠᠯᠳᠤᠬᠤ ᠬᠠᠤᠯᠢ  ᠶᠢ ᠬᠡᠷᠡᠭᠵᠢᠭᠦᠯᠬᠦ ᠳᠦᠷᠢᠮ︾᠂ ︽ᠨᠠᠪᠴᠢᠨ ᠲᠠᠮᠠᠬᠢ ᠲᠤᠰᠬᠠᠢ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾᠂ ︽ᠨᠠᠪᠴᠢᠨ ᠲᠠᠮᠠᠬᠢ ᠲᠤᠰᠬᠠᠢ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ  ᠶᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠬᠠᠤᠯᠢ ᠲᠣᠭᠲᠠᠭᠠᠯ ᠢ ᠦᠨᠳᠦᠰᠦᠯᠡᠨ᠂ ᠲᠦᠩᠯᠢᠶᠦᠦ ᠬᠤᠲᠠ ᠶᠢᠨ ᠵᠠᠷᠤᠳ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠯᠦᠪᠵᠢᠭᠦᠯᠭᠡ ᠶᠢ ᠲᠣᠭᠲᠠᠭᠠᠪᠠ᠃    ᠬᠤᠶᠠᠳᠤᠭᠠᠷ ᠵᠦᠢᠯ  ᠲᠤᠰ ᠲᠥᠯᠦᠪᠵᠢᠭᠦᠯᠭᠡ ᠶᠢ ᠲᠦᠩᠯᠢᠶᠣᠣ ᠬᠤᠲᠠ ᠶᠢᠨ ᠵᠠᠷᠤᠳ ᠬᠤᠰᠢᠭᠤᠨ ᠤ ᠬᠡᠪᠴᠢᠶᠡᠨ ᠳᠣᠲᠣᠷᠠᠬᠢ ᠨᠠᠪᠴᠢᠨ ᠲᠠᠮᠠᠬᠢᠨ ᠪᠦᠲᠦᠭᠡᠭᠳᠡᠬᠦᠨ ᠤ ᠰᠤᠯᠠ ᠬᠤᠳᠠᠯᠳᠤᠬᠤ ᠴᠡᠭ ᠤᠨ ᠪᠠᠶᠢᠷᠢᠰᠢᠭᠤᠯᠤᠯᠲᠠ ᠳᠤ ᠬᠡᠷᠡᠭᠯᠡᠨ᠎ᠡ᠃    ᠭᠤᠷᠪᠠᠳᠤᠭᠠᠷ ᠵᠦᠢᠯ  ᠲᠦᠩᠯᠢᠶᠣᠣ ᠬᠤᠲᠠ ᠶᠢᠨ ᠵᠠᠷᠤᠳ ᠬᠤᠰᠢᠭᠤᠨ ᠤ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠠᠴᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠠᠪᠴᠢᠨ ᠲᠠᠮᠠᠬᠢ ᠶᠢᠨ ᠪᠦᠲᠦᠭᠡᠭᠳᠡᠬᠦᠨ ᠤ ᠰᠤᠯᠠ ᠬᠤᠳᠠᠯᠳᠤᠬᠤ  ᠴᠡᠭ ᠢ ᠵᠦᠢ ᠵᠣᠬᠢᠰᠲᠠᠢ ᠪᠠᠶᠢᠷᠢᠯᠠᠭᠤᠯᠤᠨ ᠲᠥᠯᠦᠪᠵᠢᠭᠦᠯᠭᠡ ᠬᠢᠵᠦ ᠬᠡᠷᠡᠭᠵᠢᠭᠦᠯᠬᠦ ᠶᠢ ᠬᠠᠷᠢᠭᠤᠴᠠᠨ᠎ᠠ᠃    ᠳᠥᠷᠪᠡᠳᠦᠭᠡᠷ ᠵᠦᠢᠯ  ᠨᠠᠪᠴᠢᠨ ᠲᠠᠮᠠᠬᠢ ᠶᠢᠨ ᠪᠦᠲᠦᠭᠡᠭᠳᠡᠬᠦᠨ ᠢ ᠰᠤᠯᠠ ᠬᠤᠳᠠᠯᠳᠤᠬᠤ ᠴᠡᠭ ᠢ ᠵᠦᠢ ᠵᠣᠬᠢᠰᠲᠠᠢ ᠪᠠᠶᠢᠷᠢᠯᠠᠭᠤᠯᠬᠤ ᠳᠤ ᠬᠠᠤᠯᠢ ᠶᠣᠰᠣᠭᠠᠷ ᠵᠠᠰᠠᠭ ᠶᠠᠪᠤᠭᠤᠯᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠨᠡᠶᠢᠭᠡᠮ ᠨᠡᠶᠢᠲᠡ ᠳᠤ ᠦᠢᠯᠡᠴᠢᠯᠡᠬᠦ᠂ ᠲᠡᠩᠴᠡᠭᠦᠷᠢᠲᠡᠢ ᠬᠥᠭᠵᠢᠭᠦᠯᠬᠦ ᠵᠠᠷᠴᠢᠮ ᠢ ᠵᠢᠷᠤᠮᠯᠠᠨ᠎ᠠ᠃    ᠲᠠᠪᠤᠳᠤᠭᠠᠷ ᠵᠦᠢᠯ  ᠲᠤᠰ ᠲᠥᠯᠦᠪᠵᠢᠭᠦᠯᠭᠡ ᠳᠤ ᠬᠡᠯᠡᠵᠦ ᠪᠠᠶᠢᠭ᠎ᠠ ᠨᠠᠪᠴᠢᠨ ᠲᠠᠮᠠᠬᠢᠨ ᠪᠦᠲᠦᠭᠡᠭᠳᠡᠬᠦᠨ ᠢ ᠰᠤᠯᠠ ᠬᠤᠳᠠᠯᠳᠤᠬᠤ ᠴᠡᠭ ᠭᠡᠳᠡᠭ ᠨᠢ ᠨᠠᠪᠴᠢᠨ ᠲᠠᠮᠠᠬᠢ ᠲᠤᠰᠬᠠᠢ ᠬᠤᠳᠠᠯᠳᠤᠬᠤ ᠰᠤᠯᠠ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠣᠭᠰᠠᠨ ᠠᠷᠠᠳ ᠢᠷᠭᠡᠨ᠂ ᠬᠠᠤᠯᠢ ᠶᠢᠨ ᠡᠷᠭᠡᠲᠡᠨ ᠪᠠ ᠪᠤᠰᠤᠳ ᠨᠠᠪᠴᠢᠨ ᠲᠠᠮᠠᠬᠢᠨ ᠤ ᠪᠦᠲᠦᠭᠡᠭᠳᠡᠬᠦᠨ ᠢ ᠰᠤᠯᠠ ᠬᠤᠳᠠᠯᠳᠤᠬᠤ ᠲᠤᠬᠠᠶᠢᠯᠠᠭᠰᠠᠨ ᠠᠵᠢᠯ ᠢ ᠵᠣᠬᠢᠶᠠᠨ ᠪᠠᠶᠢᠭᠤᠯᠣᠨ ᠡᠷᠬᠢᠯᠡᠬᠦ ᠡᠵᠡᠩᠨᠡᠬᠦ ᠲᠠᠯᠠᠪᠤᠷ ᠢ ᠵᠢᠭᠠᠵᠤ ᠪᠠᠶᠢᠨ᠎ᠠ᠃    ᠵᠢᠷᠭᠤᠳᠤᠭᠠᠷ ᠵᠦᠢᠯ  ᠲᠤᠰ ᠲᠥᠯᠦᠪᠵᠢᠭᠦᠯᠭᠡ ᠳᠤ ᠬᠡᠯᠡᠵᠦ ᠪᠠᠶᠢᠭ᠎ᠠ ᠡᠵᠡᠩᠨᠡᠯᠲᠡ ᠶᠢᠨ ᠲᠠᠯᠠᠪᠤᠷ ᠭᠠᠵᠠᠷ ᠭᠡᠳᠡᠭ ᠨᠢ ᠲᠦᠷᠦ ᠶᠢᠨ ᠡᠷᠬᠡ ᠲᠤᠰᠢᠶᠠᠯᠲᠤ ᠪᠠᠶᠢᠭᠤᠯᠭ᠎ᠠ ᠠᠴᠠ ᠭᠠᠷᠭᠠᠭᠰᠠᠨ ᠡᠷᠬᠡ ᠶᠢᠨ ᠬᠠᠷᠢᠶᠠᠯᠠᠯ ᠤᠨ ᠭᠡᠷᠡᠴᠢ ᠪᠠᠷᠢᠮᠲᠠ ᠲᠠᠢ ᠪᠠᠷᠢᠯᠭ᠎ᠠ ᠶᠢ ᠵᠢᠭᠠᠵᠤ ᠪᠠᠶᠢᠨ᠎ᠠ᠃    ᠳᠣᠯᠣᠳᠤᠭᠠᠷ ᠵᠦᠢᠯ  ᠬᠡᠷᠡᠭᠯᠡᠭᠡᠨ ᠤ ᠬᠡᠷᠡᠭᠴᠡᠭᠡ  ᠶᠢ ᠵᠦᠢ ᠵᠣᠬᠢᠰᠲᠠᠢ ᠬᠠᠩᠭᠠᠵᠤ᠂ ᠡᠮᠬᠢ ᠵᠢᠷᠤᠮ ᠦᠭᠡᠢ ᠪᠠᠷ ᠬᠡᠳᠦ ᠥᠷᠢᠰᠦᠯᠳᠦᠬᠦ ᠠᠴᠠ ᠰᠡᠷᠭᠡᠶᠢᠯᠡᠵᠦ᠂ ᠲᠠᠮᠠᠬᠢ ᠶᠢ ᠬᠢᠵᠠᠭᠠᠷᠯᠠᠬᠤ ᠭᠡᠷ᠎ᠡ ᠶᠢ ᠭᠦᠢᠴᠡᠳᠬᠡᠬᠦ ᠱᠠᠭᠠᠷᠳᠠᠯᠭ᠎ᠠ ᠶᠢ ᠨᠠᠶᠢᠲᠠᠪᠣᠷᠢᠵᠢᠭᠤᠯᠵᠤ᠂ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠬᠤ ᠶᠢ ᠪᠠᠲᠤᠯᠠᠬᠤ ᠶᠢᠨ ᠲᠦᠯᠦᠭᠡ᠂ ᠲᠤᠰ ᠬᠠᠷᠢᠶ᠎ᠠ ᠣᠷᠣᠨ ᠤ ᠪᠠᠨ ᠬᠥᠮᠥᠨ ᠠᠮᠠ ᠶᠢᠨ ᠲᠤᠭ᠎ᠠ᠂ ᠵᠠᠮ ᠬᠠᠷᠢᠯᠴᠠᠭᠠᠨ ᠤ ᠪᠠᠶᠢᠳᠠᠯ᠂ ᠠᠵᠤ ᠠᠬᠤᠢ ᠶᠢᠨ ᠬᠥᠭᠵᠢᠯᠲᠡ ᠶᠢᠨ ᠬᠢᠷᠢ ᠲᠥᠪᠰᠢᠨ ᠪᠠ ᠬᠡᠷᠡᠭᠯᠡᠭᠡᠨ ᠤ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠤᠳᠠ ᠶᠢᠨ ᠲᠣᠣᠷ ᠭᠠᠵᠠᠷ ᠣᠷᠣᠨ ᠵᠡᠭᠡᠯᠢ ᠵᠠᠮ᠂ ᠰᠠᠭᠤᠭᠠᠯᠢ ᠠᠷᠠᠳ ᠤᠨ ᠲᠣᠭᠤᠷᠢᠭ᠂ ᠪᠠᠶᠢᠰᠢᠩ ᠭᠡᠷ ᠤᠨ ᠲᠣᠭᠤᠷᠢᠭ᠂ ᠬᠤᠳᠠᠯᠳᠤᠭᠠᠨ ᠤ ᠲᠣᠭᠤᠷᠢᠭ᠂ ᠬᠥᠳᠡᠭᠡ ᠲᠣᠰᠬᠤᠨ ᠤ ᠲᠣᠣᠷ ᠭᠠᠵᠠᠷ ᠣᠷᠣᠨ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ︵ᠠᠶᠢᠯ ᠲᠣᠰᠬᠤᠨ︶ ᠢᠶᠠᠷ ᠣᠷᠣᠨ ᠪᠦᠰᠡ ᠶᠢᠨ ᠨᠢᠭᠡᠴᠡ ᠪᠣᠯᠭᠠᠨ᠂ ᠲᠤᠭ᠎ᠠ ᠬᠡᠮᠵᠢᠶ᠎ᠡ᠂ ᠵᠠᠢ ᠪᠣᠯᠣᠨ ᠪᠣᠰᠣᠳ ᠲᠤᠬᠠᠢ  ᠶᠢᠨ ᠭᠠᠵᠠᠷ ᠤᠨ ᠪᠣᠳᠠᠲᠤ ᠪᠠᠶᠢᠳᠠᠯ ᠲᠠᠢ ᠨᠡᠶᠢᠴᠡᠬᠦ  ᠵᠠᠭᠪᠤᠷ ᠢ ᠨᠡᠶᠢᠯᠡᠭᠦᠯᠦᠨ ᠬᠡᠷᠡᠭᠯᠡᠨ᠂ ᠨᠠᠪᠴᠢᠨ ᠲᠠᠮᠠᠬᠢᠨ ᠪᠦᠲᠦᠭᠡᠭᠳᠡᠬᠦᠨ ᠤ ᠰᠤᠯᠠ ᠬᠤᠳᠠᠯᠳᠤᠬᠤ ᠴᠡᠭ ᠢ ᠵᠦᠢ ᠵᠣᠬᠢᠰᠲᠠᠢ ᠪᠠᠶᠢᠷᠢᠰᠢᠭᠤᠯᠬᠤ ᠲᠥᠯᠦᠪᠵᠢᠭᠦᠯᠭᠡ ᠬᠢᠵᠦ᠂ ᠪᠣᠳᠠᠲᠠᠢ ᠲᠥᠯᠦᠪᠵᠢᠭᠦᠯᠭᠡ ᠬᠢᠭᠰᠡᠨ ᠪᠠᠶᠢᠳᠠᠯ ᠢ ︽ᠵᠠᠷᠤᠳ ᠬᠤᠰᠢᠭᠤᠨ ᠤ ᠨᠠᠪᠴᠢᠨ ᠲᠠᠮᠠᠬᠢᠨ ᠤ ᠪᠦᠲᠦᠭᠡᠭᠳᠡᠬᠦᠨ ᠤ ᠰᠤᠯᠠ ᠬᠤᠳᠠᠯᠳᠤᠬᠤ ᠴᠡᠭ ᠤᠨ ᠵᠦᠢ ᠵᠣᠬᠢᠰᠲᠠᠢ ᠪᠠᠶᠢᠷᠢᠰᠢᠭᠤᠯᠬᠤ ᠲᠥᠯᠦᠪᠵᠢᠭᠦᠯᠭᠡ ᠶᠢᠨ ᠬᠦᠰᠦᠨᠦᠭᠲᠦ︾ ᠳᠤ ᠨᠠᠷᠢᠪᠴᠢᠯᠠᠨ ᠦᠵᠡ᠃ ︽ᠵᠠᠷᠤᠳ ᠬᠤᠰᠢᠭᠤᠨ ᠤ ᠨᠠᠪᠴᠢᠨ ᠲᠠᠮᠠᠬᠢ ᠶᠢᠨ ᠪᠦᠲᠦᠭᠡᠭᠳᠡᠬᠦᠨ ᠤ ᠰᠤᠯᠠ ᠬᠤᠳᠠᠯᠳᠤᠬᠤ ᠭᠠᠵᠠᠷ ᠤᠨ ᠵᠦᠢ ᠵᠣᠬᠢᠰᠲᠠᠢ ᠪᠠᠶᠢᠷᠢᠰᠢᠭᠤᠯᠤᠯᠲᠠ ᠬᠢᠭᠰᠡᠨ ᠲᠥᠯᠦᠪᠵᠢᠭᠦᠯᠭᠡ ᠶᠢᠨ ᠬᠦᠰᠦᠨᠦᠭᠲᠦ︾ ᠳᠤ ᠣᠷᠣᠭᠤᠯᠤᠭᠠᠳᠤᠢ ᠣᠷᠣᠨ ᠪᠦᠰᠡ ᠶᠢᠨ ᠳᠣᠲᠣᠷ᠎ᠠ ᠨᠠᠪᠴᠢᠨ ᠲᠠᠮᠠᠬᠢ ᠶᠢᠨ ᠪᠦᠲᠦᠭᠡᠭᠳᠡᠬᠦᠨ ᠤ ᠰᠤᠯᠠ ᠬᠤᠳᠠᠯᠳᠤᠬᠤ ᠴᠡᠭ ᠢ ᠲᠦᠷ ᠰᠢᠨ᠎ᠡ ᠪᠠᠷ ᠲᠣᠬᠢᠷᠠᠭᠤᠯᠬᠤ ᠦᠭᠡᠢ᠃    ᠨᠠᠢᠮᠠᠳᠤᠭᠠᠷ ᠵᠦᠢᠯ  ᠲᠦᠩᠯᠢᠶᠣᠣ ᠬᠤᠲᠠ ᠶᠢᠨ ᠵᠠᠷᠤᠳ ᠬᠤᠰᠢᠭᠤᠨ ᠤ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠬᠢᠨ ᠬᠥᠮᠥᠨ ᠠᠮᠠ ᠶᠢᠨ ᠬᠡᠯᠪᠡᠯᠵᠡᠯ᠂ ᠬᠤᠲᠠ ᠬᠥᠳᠡᠭᠡ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠵᠡᠷᠭᠡ ᠨᠠᠪᠴᠢᠨ ᠲᠠᠮᠠᠬᠢ ᠶᠢᠨ ᠪᠦᠲᠦᠭᠡᠭᠳᠡᠬᠦᠨ ᠢ ᠰᠤᠯᠠ ᠬᠤᠳᠠᠯᠳᠤᠬᠤ ᠲᠤᠬᠠᠶᠢᠯᠠᠭᠰᠠᠨ ᠠᠵᠢᠯ ᠢ ᠨᠥᠯᠥᠭᠡᠯᠡᠬᠦ ᠬᠦᠴᠦᠨ ᠵᠦᠢᠯ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠵᠦ᠂ ᠡᠯ᠎ᠡ ᠣᠷᠣᠨ ᠲᠣᠭᠤᠷᠢᠭ ᠨᠢᠭᠡᠴᠡ ᠶᠢᠨ ᠨᠠᠪᠴᠢᠨ ᠲᠠᠮᠠᠬᠢᠨ ᠤ ᠪᠦᠲᠦᠭᠡᠭᠳᠡᠬᠦᠨ ᠤ ᠰᠤᠯᠠ ᠬᠤᠳᠠᠯᠳᠤᠬᠤ ᠴᠡᠭ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠳᠤ ᠬᠥᠳᠡᠯᠦᠩᠭᠦᠢ ᠲᠣᠬᠢᠷᠠᠭᠤᠯᠤᠯᠲᠠ ᠪᠠ ᠨᠥᠬᠦᠪᠦᠷᠢ ᠬᠢᠵᠦ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠠᠷᠠᠳ ᠤᠨ ᠲᠣᠭᠤᠷᠢᠭ᠂ ᠰᠢᠨ᠎ᠡ ᠪᠠᠷ ᠪᠠᠶᠢᠭᠤᠯᠤᠭᠰᠠᠨ ᠶᠡᠷᠦᠩᠬᠡᠶᠢᠯᠡᠭᠰᠡᠨ ᠵᠠᠬ᠎ᠠ ᠳᠡᠯᠭᠡᠭᠦᠷ᠂ ᠰᠢᠨ᠎ᠡ ᠪᠠᠷ ᠪᠠᠶᠢᠭᠤᠯᠤᠭᠰᠠᠨ ᠬᠤᠳᠠᠯᠳᠤᠭ᠎ᠠ ᠠᠷᠠᠯᠵᠢᠶ᠎ᠠ ᠶᠢᠨ ᠲᠠᠯᠠᠪᠤᠷ᠂ ᠰᠢᠨ᠎ᠡ ᠪᠠᠷ ᠪᠠᠶᠢᠭᠤᠯᠤᠭᠰᠠᠨ ᠵᠡᠭᠡᠯᠢ ᠭᠤᠲᠣᠮᠵᠢ ᠵᠡᠷᠭᠡ ︽ᠵᠠᠷᠤᠳ ᠬᠤᠰᠢᠭᠤᠨ ᠤ ᠨᠠᠪᠴᠢᠨ ᠲᠠᠮᠠᠬᠢ ᠶᠢᠨ ᠪᠦᠲᠦᠭᠡᠭᠳᠡᠬᠦᠨ ᠤ ᠰᠤᠯᠠ ᠬᠤᠳᠠᠯᠳᠤᠬᠤ ᠴᠡᠭ ᠢ ᠵᠦᠢ ᠵᠣᠬᠢᠰᠲᠠᠢ ᠪᠠᠶᠢᠷᠢᠰᠢᠭᠤᠯᠤᠯᠲᠠ ᠬᠢᠭᠰᠡᠨ ᠲᠥᠯᠦᠪᠵᠢᠭᠦᠯᠭᠡ ᠶᠢᠨ ᠬᠦᠰᠦᠨᠦᠭᠲᠦ︾ ᠳᠤ ᠥᠯᠥ ᠪᠠᠶᠢᠬᠤ ᠣᠷᠣᠨ ᠪᠦᠰᠡ ᠶᠢ ᠴᠠᠭ ᠲᠤᠬᠠᠢ ᠳᠤᠨᠢ ᠨᠠᠪᠴᠢᠨ ᠲᠠᠮᠠᠬᠢ ᠶᠢᠨ ᠪᠦᠲᠦᠭᠡᠭᠳᠡᠬᠦᠨ ᠤ ᠰᠤᠯᠠ ᠬᠤᠳᠠᠯᠳᠤᠬᠤ  ᠴᠡᠭ ᠢ ᠵᠦᠢ ᠵᠣᠬᠢᠰᠲᠠᠢ ᠪᠠᠶᠢᠷᠢᠰᠢᠭᠤᠯᠤᠯᠲᠠ ᠬᠢᠭᠰᠡᠨ ᠲᠥᠯᠦᠪᠵᠢᠭᠦᠯᠭᠡ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ᠂ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ᠂ ᠵᠠᠰᠠᠭ ᠤᠨ ᠣᠷᠳᠣᠨ ᠤ ᠰᠦᠯᠵᠢᠶ᠎ᠡ᠂ ᠠᠵᠢᠯᠯᠠᠬᠤ ᠲᠠᠯᠠᠪᠤᠷ ᠢᠶᠠᠷ ᠳᠠᠮᠵᠢᠭᠤᠯᠤᠨ ᠢᠯᠡ ᠨᠡᠶᠢᠲᠡᠯᠡᠨ᠎ᠡ᠃     ᠨᠠᠪᠴᠢᠨ ᠲᠠᠮᠠᠬᠢ ᠲᠤᠰᠬᠠᠢ ᠬᠤᠳᠠᠯᠳᠤᠬᠤ ᠪᠠ ᠰᠤᠯᠠ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠭᠤᠶᠣᠴᠢᠯᠠᠭᠰᠠᠨ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠬᠦᠮᠦᠰ ᠳᠤ᠂ ᠡᠵᠡᠩᠨᠡᠯᠲᠡ ᠶᠢᠨ ᠲᠠᠯᠠᠪᠤᠷ ᠪᠠᠶᠢᠭ᠎ᠠ ᠭᠠᠵᠠᠷ ᠤᠨ ᠣᠷᠣᠨ ᠲᠣᠭᠤᠷᠢᠭ ᠨᠢᠭᠡᠴᠡ ᠶᠢᠨ ᠳᠣᠲᠣᠷᠠᠬᠢ ᠰᠤᠯᠠ ᠬᠤᠳᠠᠯᠳᠤᠬᠤ ᠭᠠᠵᠠᠷ ᠤᠨ ᠲᠥᠯᠦᠪᠵᠢᠭᠦᠯᠭᠡ ᠶᠢᠨ ᠲᠤᠭ᠎ᠠ ᠬᠡᠮᠵᠢᠶ᠎ᠡ ᠶᠢᠨ ᠬᠢᠵᠠᠭᠠᠷᠯᠠᠯ ᠠᠴᠠ ᠪᠣᠯᠵᠤ ᠥᠯᠥ ᠵᠥᠪᠰᠢᠶᠡᠷᠡᠬᠦ ᠲᠣᠭᠲᠠᠭᠠᠯ ᠭᠠᠷᠭᠠᠭᠰᠠᠨ ᠪᠠᠶᠢᠪᠠᠯ᠂ ᠭᠤᠶᠤᠴᠢᠯᠠᠯ ᠢ ᠭᠥᠯᠢᠶᠡᠨ ᠠᠪᠣᠭᠰᠠᠨ ᠡᠮᠦᠨ᠎ᠡ ᠬᠤᠶᠢᠨᠠᠬᠢ ᠲᠠᠰ ᠳᠠᠷᠠᠭᠠᠯᠠᠯ ᠢᠶᠠᠷ ᠮᠦᠷᠯᠡᠨ ᠵᠢᠭᠰᠠᠭᠠᠨ ᠬᠦᠯᠢᠶᠡᠯᠭᠡᠬᠦ ᠶᠢᠨ ᠬᠠᠮᠲᠤ  ᠮᠦᠷᠯᠡᠨ ᠵᠢᠭᠰᠠᠭᠠᠨ ᠬᠦᠯᠢᠶᠡᠯᠭᠡᠵᠦ ᠪᠠᠶᠢᠭ᠎ᠠ ᠮᠡᠳᠡᠭᠡ ᠵᠠᠩᠭᠢ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠳᠤ ᠢᠯᠡ ᠪᠣᠯᠭᠠᠵᠤ᠂ ᠪᠠᠶᠢᠭ᠎ᠠ ᠣᠷᠣᠨ ᠲᠣᠭᠤᠷᠢᠭ ᠨᠢᠭᠡᠴᠡ ᠶᠢᠨ ᠳᠣᠲᠣᠷᠠᠬᠢ ᠣᠲᠣ ᠪᠠᠶᠢᠭ᠎ᠠ ᠰᠤᠯᠠ ᠬᠤᠳᠠᠯᠳᠤᠬᠤ ᠴᠡᠭ ᠤᠨ ᠲᠤᠭ᠎ᠠ ᠬᠡᠮᠵᠢᠶ᠎ᠡ ᠨᠢ ᠲᠥᠯᠦᠪᠵᠢᠭᠦᠯᠭᠡ ᠶᠢᠨ ᠲᠤᠭ᠎ᠠ ᠬᠡᠮᠵᠢᠶ᠎ᠡ ᠠᠴᠠ ᠳᠣᠣᠷ᠎ᠠ ᠪᠣᠯᠤᠭᠰᠠᠨ ᠤ ᠳᠠᠷᠠᠭ᠎ᠠ᠂ ᠮᠦᠷᠯᠡᠨ ᠵᠢᠭᠰᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠬᠦ ᠬᠡᠷᠡᠭᠲᠡᠢ᠃    ᠶᠢᠰᠦᠳᠦᠭᠡᠷ ᠵᠦᠢᠯ   ᠰᠤᠯᠠ ᠬᠤᠳᠠᠯᠳᠤᠬᠤ ᠴᠡᠭ ᠦᠭᠡᠢ ᠵᠠᠰᠠᠭ ᠵᠠᠬᠢᠷᠭᠠᠨ ᠤ ᠲᠣᠰᠬᠤᠨ ︵ᠠᠶᠢᠯ ᠲᠣᠰᠬᠤᠨ ︶ ᠳᠤ ᠰᠤᠯᠠ ᠬᠤᠳᠠᠯᠳᠤᠬᠤ ᠴᠡᠭ 1 ᠲᠣᠬᠢᠷᠠᠭᠤᠯᠵᠤ ᠪᠣᠯᠬᠤ ᠪᠥᠭᠡᠳ ᠵᠢᠴᠢ ᠨᠠᠪᠴᠢᠨ ᠲᠠᠮᠠᠬᠢᠨ ᠤ ᠪᠦᠲᠦᠭᠡᠭᠳᠡᠬᠦᠨ ᠤ ᠰᠤᠯᠠ ᠬᠤᠳᠠᠯᠳᠤᠬᠤ  ᠴᠡᠭ ᠢ ᠵᠦᠢ ᠵᠣᠬᠢᠰᠲᠠᠢ ᠪᠠᠶᠢᠷᠢᠰᠢᠭᠤᠯᠤᠯᠲᠠ ᠬᠢᠭᠰᠡᠨ ᠲᠥᠯᠦᠪᠵᠢᠭᠦᠯᠭᠡ ᠶᠢᠨ ᠬᠡᠪᠴᠢᠶᠡᠨ ᠳᠤ ᠣᠷᠣᠭᠤᠯᠣᠨ᠎ᠠ᠃    ᠠᠷᠪᠠᠳᠤᠭᠠᠷ ᠵᠦᠢᠯ  ᠳᠠᠷᠠᠭᠠᠬᠢ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠪᠠᠶᠢᠭ᠎ᠠ ᠣᠷᠣᠨ ᠲᠣᠭᠤᠷᠢᠭ ᠨᠢᠭᠡᠴᠢ ᠶᠢᠨ ᠳᠣᠲᠣᠷᠠᠬᠢ ᠰᠤᠯᠠ ᠬᠤᠳᠠᠯᠳᠤᠬᠤ ᠴᠡᠭ ᠤᠨ ᠲᠥᠯᠦᠪᠵᠢᠭᠦᠯᠭᠡ ᠶᠢᠨ ᠲᠤᠭ᠎ᠠ ᠬᠡᠮᠵᠢᠶ᠎ᠡ ᠳᠤ ᠬᠢᠵᠠᠭᠠᠷᠯᠠᠭᠳᠠᠬᠤ ᠦᠭᠡᠢ᠂ ᠵᠢᠴᠢ ᠲᠡᠭᠦᠨ ᠢ ᠪᠤᠰᠤᠳ ᠰᠤᠯᠠ ᠬᠤᠳᠠᠯᠳᠤᠬᠤ ᠴᠡᠭ ᠢ ᠵᠦᠢ ᠵᠣᠬᠢᠰᠲᠠᠢ ᠪᠠᠶᠢᠷᠢᠰᠢᠭᠤᠯᠤᠯᠲᠠ ᠬᠢᠬᠦ ᠲᠥᠯᠦᠪᠵᠢᠭᠦᠯᠭᠡ ᠶᠢᠨ ᠯᠠᠪᠯᠠᠯᠲᠠ ᠶᠢᠨ ᠵᠦᠢᠯ ᠪᠣᠯᠭᠠᠵᠤ ᠪᠣᠯᠬᠤ ᠦᠭᠡᠢ᠄    ︵ᠨᠢᠭᠡ︶ ᠠᠵᠢᠯᠲᠠᠨ ᠠᠵᠢᠯᠴᠢᠨ ᠤ ᠲᠤᠭ᠎ᠠ 1000 ᠠᠴᠠ ᠳᠡᠭᠡᠭᠰᠢ ᠪᠠᠶᠢᠬᠤ ᠵᠢᠴᠢ ᠰᠤᠯᠠ ᠬᠤᠳᠠᠯᠳᠤᠬᠤ ᠴᠡᠭ ᠦᠭᠡᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ ᠰᠤᠯᠠ ᠬᠤᠳᠠᠯᠳᠤᠬᠤ  ᠴᠡᠭ 1 ᠲᠣᠬᠢᠷᠠᠭᠤᠯᠵᠤ ᠪᠣᠯᠣᠨ᠎ᠠ᠃    ︵ᠬᠤᠶᠠᠷ︶ ᠲᠦᠷ ᠬᠤᠷᠢᠬᠤ ᠭᠠᠵᠠᠷ᠂ ᠰᠠᠬᠢᠨ ᠬᠤᠷᠢᠬᠤ ᠭᠠᠵᠠᠷ᠂ ᠬᠤᠣᠷ ᠲᠠᠲᠠᠬᠤ ᠶᠢ ᠵᠣᠭᠰᠤᠭᠠᠬᠤ ᠭᠠᠵᠠᠷ ᠂ ᠭᠢᠨᠳᠠᠨ ᠵᠡᠷᠭᠡ ᠪᠢᠲᠡᠭᠦᠮᠵᠢᠯᠡᠭᠰᠡᠨ ᠬᠡᠯᠪᠡᠷᠢ ᠶᠢᠨ ᠬᠠᠮᠢᠶᠠᠷᠤᠯᠲᠠ ᠶᠢᠨ ᠣᠷᠣᠨ ᠳᠤ ᠨᠢᠭᠡᠴᠡ ᠪᠠᠷ ᠰᠤᠯᠠ ᠬᠤᠳᠠᠯᠳᠤᠬᠤ ᠴᠡᠭ ᠭᠠᠷᠭᠠᠵᠤ᠂ ᠨᠢᠭᠡᠴᠡ ᠨᠢᠭᠡᠪᠦᠷᠢ ᠳᠤ 1 ᠰᠤᠯᠠ ᠬᠤᠳᠠᠯᠳᠤᠬᠤ  ᠴᠡᠭ ᠲᠣᠬᠢᠷᠠᠭᠤᠯᠵᠤ ᠪᠣᠯᠣᠨ᠎ᠠ︔    ︵ᠭᠤᠷᠪᠠ︶ ᠦᠨᠳᠦᠷ ᠬᠤᠷᠳᠣᠴᠠᠲᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠪᠦᠷᠢ ᠲᠤ 1 ᠰᠤᠯᠠ ᠬᠤᠳᠠᠯᠳᠤᠬᠤ ᠴᠡᠭ ᠲᠣᠬᠢᠷᠠᠭᠤᠯᠵᠤ ᠪᠣᠯᠣᠨ᠎ᠠ︔    ︵ᠳᠥᠷᠪᠡ︶ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ ᠶᠢᠨ ᠠᠶᠠᠨᠴᠢᠳ ᠤᠨ ᠴᠤᠪᠤᠷᠠᠯ ᠤᠨ ᠬᠡᠮᠵᠢᠶ᠎ᠡ ᠶᠢ ᠰᠤᠯᠠ ᠬᠤᠳᠠᠯᠳᠤᠬᠤ ᠴᠡᠭ ᠤᠨ ᠶᠡᠷᠦᠩᠬᠡᠢ ᠬᠡᠮᠵᠢᠶ᠎ᠡ ᠶᠢ ᠲᠣᠬᠢᠷᠠᠭᠤᠯᠬᠤ ᠲᠥᠰᠥᠭᠡᠯᠡᠨ ᠪᠤᠳᠤᠬᠤ ᠦᠨᠳᠦᠰᠦᠯᠡᠯ ᠪᠣᠯᠭᠠᠵᠤ ᠪᠣᠯᠣᠨ᠎ᠠ᠂ ᠵᠢᠯ ᠤᠨ ᠡᠳᠦᠷ ᠤᠨ ᠳᠤᠮᠳᠠᠴᠢ ᠴᠤᠪᠤᠷᠠᠯ ᠤᠨ ᠬᠡᠮᠵᠢᠶ᠎ᠡ 1000 ᠬᠥᠮᠥᠨ ᠤ ᠳᠣᠲᠣᠷ᠎ᠠ ᠪᠠᠶᠢᠪᠠᠯ 1 ᠰᠤᠯᠠ ᠬᠤᠳᠠᠯᠳᠤᠬᠤ  ᠴᠡᠭ ᠲᠣᠬᠢᠷᠠᠭᠤᠯᠵᠤ ᠪᠣᠯᠣᠨ᠎ᠠ᠂ 1000 ᠬᠥᠮᠥᠨ ᠨᠡᠮᠡᠭᠳᠡᠬᠦ ᠪᠦᠷᠢ 1 ᠰᠤᠯᠠ ᠬᠤᠳᠠᠯᠳᠤᠬᠤ ᠴᠡᠭ ᠨᠡᠮᠡᠨ ᠲᠣᠬᠢᠷᠠᠭᠤᠯᠵᠤ ᠪᠣᠯᠣᠨ᠎ᠠ᠂ ᠶᠡᠷᠦᠩᠬᠡᠢ ᠲᠤᠭ᠎ᠠ ᠶᠢ ᠬᠠᠮᠤᠭ ᠠᠷᠪᠢᠨ ᠳᠠᠭᠠᠨ 2  ᠠᠴᠠ ᠬᠡᠲᠦᠷᠡᠭᠦᠯᠵᠦ ᠪᠣᠯᠬᠤ ᠦᠭᠡᠢ︔    ︵ᠲᠠᠪᠤ︶ ᠡᠵᠡᠩᠨᠡᠯᠲᠡ ᠶᠢᠨ ᠲᠠᠯᠠᠪᠠᠶ ᠨᠢ 2000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠲᠤ ᠨᠢᠭᠡ ᠰᠤᠯᠠ ᠬᠤᠳᠠᠯᠳᠤᠬᠤ ᠴᠡᠭ ᠲᠣᠬᠢᠷᠠᠭᠤᠯᠵᠤ ᠪᠣᠯᠣᠨ᠎ᠠ︔    ︵ᠵᠢᠷᠭᠤᠭ᠎ᠠ︶  ᠤᠯᠤᠰ ᠤᠨ AA ᠲᠠᠰ ᠠᠴᠠ ᠳᠡᠭᠡᠭᠰᠢ ᠵᠢᠭᠤᠯᠴᠢᠯᠠᠯ ᠦᠵᠡᠮᠵᠢ ᠶᠢᠨ ᠣᠷᠣᠨ ᠳᠤ ᠬᠠᠷᠢᠶᠠᠯᠠᠭᠳᠠᠬᠤ ᠮᠥᠷᠲᠡᠭᠡᠨ ᠵᠢᠴᠢ ᠳᠣᠲᠣᠭᠠᠳᠤ ᠳᠠᠭᠠᠨ ᠡᠵᠡᠩᠨᠡᠵᠦ ᠪᠠᠶᠢᠪᠠᠯ᠂ ᠰᠤᠯᠠ ᠬᠤᠳᠠᠯᠳᠤᠬᠤ ᠴᠡᠭ 1 ᠲᠣᠬᠢᠷᠠᠭᠤᠯᠵᠤ ᠪᠣᠯᠣᠨ᠎ᠠ᠃    ᠠᠷᠪᠠᠨ ᠨᠢᠭᠡᠳᠦᠭᠡᠷ ᠵᠦᠢᠯ   ᠳᠠᠷᠠᠭᠠᠬᠢ ᠪᠠᠶᠢᠳᠠᠯ ᠲᠠᠢ ᠪᠠᠶᠢᠪᠠᠯ ᠰᠤᠯᠠ ᠬᠤᠳᠠᠯᠳᠤᠬᠤ ᠴᠡᠭ ᠤᠨ ᠬᠤᠭᠤᠷᠣᠨᠳᠣᠬᠢ ᠵᠠᠢ ᠶᠢ ᠵᠣᠬᠢᠰᠲᠠᠢ ᠠᠭᠤᠵᠢᠭᠤ ᠲᠠᠯᠪᠢᠨ᠎ᠠ᠂ ᠡᠵᠡᠩᠨᠡᠯᠲᠡ ᠶᠢᠨ ᠭᠠᠵᠠᠷ ᠲᠠᠯᠠᠪᠤᠷ ᠤᠨ ᠠᠶᠣᠯᠭᠦᠢ ᠶᠢᠨ ᠱᠠᠭᠠᠷᠳᠠᠯᠭ᠎ᠠ ᠪᠣᠯᠣᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠡᠷᠬᠢᠨ ᠲᠣᠭᠤᠷᠢᠨ ᠲᠠᠢ ᠬᠤᠯᠪᠣᠭᠳᠠᠬᠤ ᠬᠢᠵᠠᠭᠠᠷᠯᠠᠬᠤ ᠲᠣᠭᠲᠠᠭᠠᠯ ᠠᠴᠠ ᠪᠣᠰᠣᠳ᠃    ︵ᠨᠢᠭᠡ︶ ᠪᠡᠶ᠎ᠡ ᠪᠠᠨ ᠳᠠᠭᠠᠭᠠᠵᠤ ᠡᠵᠡᠩᠨᠡᠬᠦ ᠴᠢᠳᠠᠪᠤᠷᠢ ᠲᠠᠢ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠥᠭᠡᠳ ᠬᠦᠴᠦᠨ ᠪᠦᠬᠦᠢ ᠦᠨᠡᠮᠯᠡᠯ ᠲᠠᠢ ᠵᠡᠮᠳᠡᠭ ᠴᠡᠷᠢᠭ᠂ ᠴᠡᠷᠢᠭ ᠪᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠪᠠ ᠮᠡᠳᠡᠷᠡᠯ ᠤᠨ ᠪᠤᠰᠤ ᠪᠠ ᠤᠶᠤᠨ ᠤ ᠪᠤᠰᠤ ᠲᠦᠷᠦᠯ ᠤᠨ ᠵᠡᠮᠳᠡᠭᠴᠦᠳ ᠂ ᠨᠠᠪᠴᠢᠨ ᠲᠠᠮᠠᠬᠢ ᠲᠤᠰᠬᠠᠢ ᠬᠤᠳᠠᠯᠳᠤᠬᠤ ᠰᠤᠯᠠ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠭᠤᠶᠣᠴᠢᠯᠠᠪᠠᠯ᠂ ᠬᠠᠷᠢᠶ᠎ᠠ ᠣᠷᠣᠨ ᠲᠣᠭᠤᠷᠢᠭ ᠨᠢᠭᠡᠴᠢ ᠶᠢᠨ ᠰᠤᠯᠠ ᠬᠤᠳᠠᠯᠳᠤᠬᠤ ᠴᠡᠭ ᠤᠨ ᠲᠥᠯᠦᠪᠵᠢᠭᠦᠯᠭᠡ ᠶᠢᠨ ᠲᠤᠭ᠎ᠠ ᠬᠡᠮᠵᠢᠶ᠎ᠡ ᠳᠤ ᠨᠡᠶᠢᠴᠡᠭᠰᠡᠨ ᠤᠷᠢᠲᠠᠯ ᠳᠣᠣᠷ᠎ᠠ᠂  ᠣᠷᠣᠨ ᠵᠠᠢ ᠶᠢᠨ ᠲᠣᠭᠲᠠᠭᠠᠯ ᠲᠠᠢ ᠣᠷᠣᠨ ᠪᠦᠰᠡ ᠶᠢᠨ ᠨᠢᠭᠡᠴᠢ ᠶᠢᠨ ᠳᠣᠲᠣᠷᠠᠬᠢ ᠬᠠᠮᠤᠭ ᠤᠨ ᠣᠶᠢᠷ᠎ᠠ ᠰᠤᠯᠠ ᠬᠤᠳᠠᠯᠳᠤᠬᠤ ᠴᠡᠭ ᠨᠢ 35 ᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠂ ᠵᠥᠪᠬᠡᠨ ᠨᠢᠭᠡ ᠦᠨᠡᠮᠯᠡᠯ ᠢᠶᠠᠷ ᠬᠢᠵᠠᠭᠠᠷᠯᠠᠨ᠎ᠠ ᠵᠢᠴᠢ ᠲᠤᠰ ᠬᠥᠮᠥᠨ ᠨᠢ ᠡᠷᠬᠡᠪᠰᠢ ᠳᠡᠯᠭᠡᠭᠦᠷ ᠲᠤ ᠰᠠᠭᠤᠵᠤ ᠡᠵᠡᠩᠨᠡᠬᠦ ᠬᠡᠷᠡᠭᠲᠡᠢ᠃    ︵ᠬᠤᠶᠠᠷ︶ ᠵᠠᠮ ᠬᠠᠷᠢᠯᠴᠠᠭᠠᠨ ᠤ ᠲᠥᠯᠦᠪᠵᠢᠭᠦᠯᠭᠡ᠂ ᠬᠤᠳᠠ ᠶᠢᠨ ᠪᠦᠲᠦᠭᠡᠨ ᠪᠠᠶᠢᠭᠤᠯᠤᠯᠲᠠ ᠵᠡᠷᠭᠡ ᠪᠤᠰᠤᠳᠴᠢ ᠰᠢᠯᠲᠠᠭᠠᠨ ᠠᠴᠠ ᠪᠣᠯᠣᠭᠠᠳ ᠬᠢᠨᠠᠨ ᠲᠣᠭᠲᠠᠭᠠᠭᠰᠠᠨ ᠡᠵᠡᠩᠨᠡᠯᠲᠡ ᠶᠢᠨ  ᠭᠠᠵᠠᠷ ᠲᠤ ᠪᠠᠨ ᠡᠵᠡᠩᠨᠡᠬᠦ ᠶᠢᠨ ᠠᠷᠭ᠎ᠠ ᠪᠣᠯᠪᠠᠯ᠂ ᠦᠨᠡᠮᠯᠡᠯ ᠪᠠᠶᠢᠭ᠎ᠠ ᠬᠥᠮᠥᠨ ᠤᠤᠯ ᠤᠨ ᠦᠨᠡᠮᠯᠡᠯ ᠣᠯᠭᠤᠭᠰᠠᠨ ᠪᠠᠶᠢᠭᠤᠯᠤᠯᠭ᠎ᠠ ᠶᠢᠨ ᠬᠠᠷᠢᠶ᠎ᠠ ᠣᠷᠣᠨ ᠤ ᠳᠣᠲᠣᠷᠠᠬᠢ ᠪᠤᠰᠤᠳ ᠭᠠᠵᠠᠷ ᠲᠤ ᠡᠵᠡᠩᠨᠡᠯᠲᠡ ᠬᠢᠬᠦ ᠪᠠᠷ ᠭᠤᠶᠣᠴᠢᠯᠠᠵᠤ ᠪᠣᠯᠣᠨ᠎ᠠ᠂ ᠬᠠᠷᠢᠶ᠎ᠠ ᠲᠣᠭᠤᠷᠢᠭ ᠨᠢᠭᠡᠴᠡ ᠶᠢᠨ ᠰᠤᠯᠠ ᠬᠤᠳᠠᠯᠳᠤᠬᠤ ᠴᠡᠭ ᠤᠨ ᠲᠥᠯᠦᠪᠵᠢᠭᠦᠯᠭᠡ ᠶᠢᠨ ᠲᠤᠭ᠎ᠠ ᠬᠡᠮᠵᠢᠶ᠎ᠡ᢭ ᠲᠤ ᠨᠡᠶᠢᠴᠡᠭᠰᠡᠨ ᠤᠷᠢᠲᠠᠯ ᠳᠣᠣᠷ᠎ᠠ᠂ ᠣᠷᠣᠨ ᠵᠠᠢ ᠶᠢᠨ ᠲᠣᠭᠲᠠᠭᠠᠯ ᠲᠠᠢ ᠣᠷᠣᠨ ᠲᠣᠭᠤᠷᠢᠭ ᠨᠢᠭᠡᠴᠡ ᠶᠢᠨ ᠳᠣᠲᠣᠷᠠᠬᠢ ᠬᠠᠮᠤᠭ ᠤᠨ ᠣᠶᠢᠷ᠎ᠠ ᠰᠤᠯᠠ ᠬᠤᠳᠠᠯᠳᠤᠬᠤ ᠴᠡᠭ ᠤᠨ ᠬᠤᠭᠤᠷᠣᠨᠳᠣᠬᠢ ᠵᠠᠢ ᠶᠢ 35 ᠮᠧᠲᠷ ᠠᠴᠠ ᠳᠤᠲᠠᠭᠤ ᠪᠠᠶᠢᠵᠤ ᠪᠣᠯᠬᠤ ᠦᠭᠡᠢ᠃    ︵ᠭᠤᠷᠪᠠ︶ ᠪᠣᠰᠣᠳ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠡᠷᠡᠭᠰᠡᠬᠦ ᠪᠠᠶᠢᠳᠠᠯ᠃    ᠠᠷᠪᠠᠨ ᠬᠤᠶᠠᠳᠤᠭᠠᠷ ᠵᠦᠢᠯ   ᠳᠠᠷᠠᠭᠠᠬᠢ ᠵᠢᠭᠰᠠᠭᠠᠭᠰᠠᠨ ᠪᠠᠶᠢᠳᠠᠯ ᠣᠷᠣᠰᠢᠵᠤ ᠪᠠᠶᠢᠪᠠᠯ᠂ ᠨᠠᠪᠴᠢᠨ ᠲᠠᠮᠠᠬᠢᠨ ᠪᠦᠲᠦᠭᠡᠭᠳᠡᠬᠦᠨ ᠤ ᠰᠤᠯᠠ ᠬᠤᠳᠠᠯᠳᠤᠬᠤ ᠴᠡᠭ ᠲᠣᠬᠢᠷᠠᠭᠤᠯᠬᠤ ᠤᠶᠢᠭᠡᠢ᠃     ︵ᠨᠢᠭᠡ︶  ᠬᠠᠮᠢᠶ᠎ᠠ ᠪᠦᠬᠦᠢ ᠪᠠᠶᠢᠳᠠᠯ ᠢᠶᠠᠨ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ︔     ︵ᠬᠤᠶᠠᠷ︶ ᠡᠵᠡᠩᠨᠡᠯᠲᠡ ᠶᠢᠨ ᠲᠠᠯᠠᠪᠤᠷ ᠭᠠᠵᠠᠷ ᠨᠢ ᠠᠶᠤᠯᠭᠦᠢ ᠶᠢᠨ ᠬᠦᠴᠦᠨ ᠵᠦᠢᠯ ᠢ ᠪᠣᠳᠣᠯᠬᠢᠯᠠᠨ ᠶᠠᠩᠵᠤᠤᠷ ᠲᠠᠮᠠᠬᠢ ᠡᠵᠡᠩᠨᠡᠬᠦ ᠳᠤ ᠲᠣᠬᠢᠷᠠᠮᠵᠢ ᠦᠭᠡᠢ ᠪᠠᠶᠢᠬᠤ︔     ︵ᠭᠤᠷᠪᠠ︶ ᠪᠠᠷᠠᠭ᠎ᠠ ᠬᠤᠳᠠᠯᠳᠤᠬᠤ ᠠᠦᠲ᠋ᠤ᠋ ᠮᠠᠰᠢᠨ ︵ᠠᠪᠳᠠᠷ᠎ᠠ︶᠂ ᠮᠥᠷᠥᠢ ᠲᠠᠯᠪᠢᠬᠤ ᠮᠠᠰᠢᠨ᠂ ᠲᠣᠭᠯᠠᠭᠠᠮ ᠤᠨ ᠮᠠᠰᠢᠨ ᠵᠡᠷᠭᠡ ᠪᠤᠶᠤ ᠪᠣᠰᠣᠳ ᠬᠤᠳᠠᠯᠳᠤᠬᠤ ᠬᠥᠮᠥᠨ ᠦᠭᠡᠢ ᠬᠡᠯᠪᠡᠷᠢ ᠪᠤᠶᠤ ᠠᠦᠲ᠋ᠤ᠋ ᠬᠡᠯᠪᠡᠷᠢ ᠪᠠᠷ ᠲᠠᠮᠠᠬᠢᠨ ᠪᠦᠲᠦᠭᠡᠭᠳᠡᠬᠦᠨ ᠢ ᠪᠣᠷᠣᠯᠠᠭᠤᠯᠤᠭᠰᠠᠨ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠤᠭᠰᠠᠨ︔     ︵ᠳᠥᠷᠪᠡ︶  ᠮᠡᠳᠡᠭᠡ ᠵᠠᠩᠭᠢ ᠲᠣᠣᠷ ᠰᠦᠯᠵᠢᠶ᠎ᠡ ᠪᠠᠷ ᠳᠠᠮᠵᠢᠨ ᠲᠠᠮᠠᠬᠢᠨ ᠤ ᠪᠦᠲᠦᠭᠡᠭᠳᠡᠬᠦᠨ ᠢ ᠲᠣᠰᠬᠠᠢ ᠪᠣᠷᠣᠯᠠᠭᠤᠯᠤᠭᠰᠠᠨ︔     ︵ᠲᠠᠪᠤ︶ ᠨᠠᠮ ᠵᠠᠰᠠᠭ ᠤᠨ ᠪᠠᠶᠢᠭᠤᠯᠭ᠎ᠠ᠂ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠲᠠᠯᠠᠪᠤᠷ ᠭᠠᠵᠠᠷ︔     ︵ᠵᠢᠷᠭᠤᠭ᠎ᠠ︶ ᠡᠵᠡᠩᠨᠡᠯᠲᠡ ᠶᠢᠨ ᠲᠠᠯᠠᠪᠤᠷ ᠭᠠᠵᠠᠷ ᠬᠢᠨ ᠨᠢᠭᠡᠨᠲᠡ ᠭᠦᠢᠴᠡᠳᠭᠡᠭᠰᠡᠨ ᠮᠥᠨ ᠬᠦ ᠬᠦᠴᠦᠨ ᠲᠠᠢ ᠬᠤᠭᠤᠴᠠᠭᠠᠨ ᠳᠠᠭᠠᠨ ᠪᠠᠶᠢᠬᠤ ᠨᠠᠪᠴᠢᠨ ᠲᠠᠮᠠᠬᠢ ᠲᠤᠰᠬᠠᠢ ᠬᠤᠳᠠᠯᠳᠤᠬᠤ ᠰᠤᠯᠠ ᠬᠤᠳᠠᠯᠳᠤᠬᠤ ᠵᠥᠪᠰᠢᠶᠡᠷᠡᠯ ᠤᠨ ᠦᠨᠡᠮᠯᠡᠯ︔     ︵ᠳᠣᠯᠤᠭ᠎ᠠ︶ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠦᠶ᠎ᠡ ᠳᠤ ᠡᠵᠡᠩᠨᠡᠯᠲᠡ ᠶᠢᠨ ᠲᠠᠯᠠᠪᠤᠷ ᠭᠠᠵᠠᠷ ᠪᠣᠯᠣᠨ ᠣᠷᠣᠨ ᠰᠠᠭᠤᠴᠠ ᠨᠢ ᠲᠤᠰᠠᠭᠠᠷ ᠪᠠᠶᠢᠬᠤ ᠶᠢ ᠢᠯᠭᠠᠨ ᠲᠠᠨᠢᠬᠤ ᠶᠢᠨ ᠠᠷᠭ᠎ᠠ ᠦᠭᠡᠢ ᠪᠠᠶᠢᠳᠠᠯ︔     ︵ᠨᠡᠶᠢᠮᠠ︶ ᠭᠤᠶᠤᠴᠢᠯᠠᠭᠴᠢ ᠶᠢᠨ ᠡᠵᠡᠩᠨᠡᠯᠲᠡ ᠶᠢᠨ ᠲᠠᠯᠠᠪᠤᠷ ᠭᠠᠵᠠᠷ ᠨᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠲᠣᠭᠤᠷᠢᠭ ᠲᠠᠬᠢ ᠭᠡᠷ ᠪᠠᠶᠢᠰᠢᠩ ᠤᠨ ᠲᠥᠯᠦᠪᠵᠢᠭᠦᠯᠭᠡ ᠳᠠᠬᠢ ᠬᠡᠷᠡᠭᠴᠡᠭᠡ ᠨᠢ ᠳᠠᠭᠠᠯᠲᠠ ᠲᠥᠬᠦᠭᠡᠷᠦᠮᠵᠢ ᠳᠤ ᠬᠠᠷᠢᠶᠠᠯᠠᠭᠳᠠᠬᠤ ᠪᠣᠯᠪᠠᠴᠤ ᠲᠡᠷᠭᠡᠨ ᠬᠥᠮᠥᠷᠭᠡ᠂ ᠬᠥᠮᠥᠷᠭᠡ᠂ ᠨᠠᠷᠠᠪᠴᠢ ᠵᠡᠷᠭᠡ ᠪᠠᠷ ᠬᠢᠵᠠᠭᠠᠷᠯᠠᠭᠳᠠᠬᠤ ᠦᠭᠡᠢ︔ ︵ᠭᠡᠷ ᠪᠠᠶᠢᠰᠢᠩ ᠤᠨ ᠬᠡᠷᠡᠭᠴᠡᠭᠡ ᠶᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠤᠨ ᠲᠥᠯᠦᠪᠵᠢᠭᠦᠯᠭᠡ ᠳᠠᠬᠢ ᠬᠡᠷᠡᠭᠴᠡᠭᠡ ᠳᠤ ᠲᠣᠳᠣᠷᠬᠠᠶᠢᠯᠠᠭᠰᠠᠨ ᠢᠶᠠᠷ ᠪᠠᠷᠢᠮᠵᠢᠶ᠎ᠠ ᠪᠣᠯᠭᠠᠨ᠎ᠠ︶     ︵ᠶᠢᠰᠦ︶ ᠬᠤᠳᠠᠯᠳᠤᠭᠠᠨ ᠤ ᠠᠰᠠᠷ ᠤᠨ ᠲᠡᠭᠰᠢ ᠳᠠᠪᠬᠤᠷᠭ᠎ᠠ ᠲᠠᠢ ᠵᠡᠭᠡᠯᠢ ᠳᠠᠭᠠᠤ ᠨᠡᠬᠡᠬᠡᠭᠰᠡᠨ ᠳᠡᠯᠭᠡᠭᠦᠷ ᠢ ᠭᠠᠷᠭᠠᠪᠠᠯ ᠪᠤᠰᠤᠳ ᠲᠠᠯᠠᠪᠤᠷ ᠭᠠᠵᠠᠷ ᠲᠤ ᠵᠠᠷᠴᠢᠮ ᠳᠡᠭᠡᠷ᠎ᠡ ᠪᠠᠨ ᠵᠥᠪᠰᠢᠶᠡᠷᠡᠬᠦ ᠦᠭᠡᠢ︔ ︵ᠭᠡᠷ ᠪᠠᠶᠢᠰᠢᠩ ᠤᠨ ᠬᠡᠷᠡᠭᠯᠡᠯᠭᠡ ᠶᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠤᠨ ᠲᠥᠯᠦᠪᠵᠢᠭᠦᠯᠭᠡ ᠳᠠᠬᠢ ᠬᠡᠷᠡᠭᠴᠡᠭᠡ ᠳᠤ ᠲᠣᠳᠣᠷᠬᠠᠶᠢᠯᠠᠭᠰᠠᠨ ᠢᠶᠠᠷ ᠪᠠᠷᠢᠮᠵᠢᠶ᠎ᠠ ᠪᠣᠯᠭᠠᠨ᠎ᠠ︶     ︵ᠠᠷᠪᠠ︶ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠪᠤᠶᠤ ᠲᠥᠯᠦᠪᠵᠢᠭᠦᠯᠭᠡ ᠳᠣᠲᠣᠷᠠᠬᠢ ᠨᠤᠷᠠᠭᠠᠵᠤ ᠬᠠᠶᠠᠬᠤ ᠭᠡᠵᠦ ᠪᠠᠶᠢᠭ᠎ᠠ ᠪᠠᠷᠢᠯᠭ᠎ᠠ ᠪᠠᠶᠢᠭ᠎ᠠ ᠭᠠᠵᠠᠷ︔     ︵ᠠᠷᠪᠠᠨ ᠨᠢᠭᠡ︶ ᠡᠵᠡᠩᠨᠡᠯᠲᠡ ᠶᠢᠨ ᠲᠠᠯᠠᠪᠤᠷ ᠭᠠᠵᠠᠷ ᠨᠢ ᠨᠣᠴᠣᠮᠠᠲᠠᠭᠠᠢ᠂ ᠳᠡᠯᠪᠡᠷᠡᠮᠡᠲᠡᠭᠡᠢ᠂ ᠬᠤᠣᠷᠲᠠᠢ᠂ ᠬᠥᠨᠥᠭᠡᠯ ᠲᠠᠢ᠂ ᠰᠠᠴᠤᠷᠠᠭ ᠢᠳᠡᠪᠬᠢ ᠴᠢᠨᠠᠷᠲᠠᠢ ᠲᠠᠸᠠᠷ ᠵᠡᠷᠭᠡ ᠶᠢ ᠦᠢᠯᠡᠳᠪᠦᠷᠢᠯᠡᠵᠦ᠂ ᠪᠣᠷᠣᠯᠠᠭᠤᠯᠵᠤ᠂ ᠬᠠᠳᠠᠭᠠᠯᠠᠵᠤ ᠪᠠᠶᠢᠪᠠᠯ ᠠᠮᠤᠷ ᠲᠦᠪᠰᠢᠨ ᠤ ᠬᠦᠴᠦᠨ ᠵᠦᠢᠯ  ᠢ ᠪᠣᠳᠣᠯᠬᠢᠯᠠᠨ ᠶᠠᠩᠵᠤᠤᠷ ᠲᠠᠮᠠᠬᠢ ᠶᠢ ᠡᠵᠡᠩᠨᠡᠬᠦ ᠳᠤ ᠲᠣᠬᠢᠷᠠᠮᠵᠢ ᠦᠭᠡᠢ᠂ ᠡᠭᠦᠨ ᠳᠤ ᠬᠤᠸᠠᠷ ᠫᠤᠤᠵᠢᠩ᠂ ᠡᠮ ᠡᠮᠨᠡᠯᠭᠡ ᠶᠢᠨ ᠬᠡᠷᠡᠭᠰᠡᠯ᠂ ᠡᠳᠦᠷ ᠲᠤᠳᠤᠮ ᠤᠨ ᠲᠡᠮᠦᠷᠯᠢᠭ ᠡᠳ᠋ᠯᠡᠯ᠂ ᠪᠠᠷᠢᠯᠭ᠎ᠠ ᠶᠢᠨ ᠴᠢᠮᠡᠭᠯᠡᠯ ᠵᠡᠷᠭᠡ ᠪᠠᠭᠲᠠᠬᠤ ᠪᠦᠭᠡᠳ ᠡᠳᠡᠭᠡᠷ ᠢᠶᠠᠷ ᠵᠣᠭᠰᠣᠬᠤ ᠦᠭᠡᠢ︔     ︵ᠠᠷᠪᠠᠨ ᠬᠤᠶᠠᠷ︶ ᠭᠤᠣᠯ ᠡᠵᠡᠩᠨᠡᠯᠲᠡ ᠶᠢᠨ ᠠᠵᠢᠯ ᠪᠣᠯᠣᠨ ᠨᠠᠪᠴᠢᠨ ᠲᠠᠮᠠᠬᠢᠨ ᠪᠦᠲᠦᠭᠡᠭᠳᠡᠬᠦᠨ ᠢ ᠰᠤᠯᠠ ᠬᠤᠳᠠᠯᠳᠤᠬᠤ ᠲᠤᠬᠠᠶᠢᠯᠠᠭᠰᠠᠨ ᠠᠵᠢᠯ ᠨᠢ ᠰᠢᠭᠤᠳ ᠬᠠᠷᠢᠯᠴᠠᠨ ᠨᠥᠬᠦᠪᠦᠷᠢᠯᠡᠵᠦ ᠡᠵᠡᠩᠨᠡᠨ ᠪᠣᠷᠣᠯᠠᠭᠤᠯᠬᠤ ᠬᠠᠷᠢᠴᠠᠭ᠎ᠠ ᠦᠭᠡᠢ ᠡᠵᠡᠩᠨᠡᠯᠲᠡ ᠶᠢᠨ ᠬᠡᠯᠪᠡᠷᠢ᠂ ᠡᠭᠦᠨ ᠳᠤ ᠠᠯᠪᠠᠨ ᠬᠡᠷᠡᠭᠰᠡᠯ᠂ ᠰᠣᠶᠣᠯ ᠪᠡᠶ᠎ᠡ ᠲᠠᠮᠢᠷ᠂ ᠳᠠᠷᠣᠮᠠᠯᠯᠠᠬᠤ ᠭᠡᠷᠡᠯ ᠵᠢᠷᠤᠭ᠂ ᠴᠡᠴᠡᠭ ᠰᠢᠪᠠᠭᠤ ᠵᠢᠭᠠᠰᠤ ᠬᠤᠷᠣᠬᠠᠢ᠂ ᠱᠠᠰᠢᠨ ᠰᠤᠷᠲᠠᠬᠤᠨ ᠤ ᠳᠠᠬᠢᠯᠭ᠎ᠠ᠂ ᠴᠢᠮᠡᠭᠡ ᠬᠤᠯᠪᠣᠭ᠎ᠠ ᠳᠠᠭᠤ ᠳᠦᠷᠰᠦ ᠰᠢᠩᠭᠡᠭᠡᠯᠲᠡ᠂ ᠬᠤᠪᠴᠠᠰᠤ ᠵᠠᠰᠠᠯ᠂ ᠵᠡᠭᠦᠦ ᠨᠡᠬᠡᠮᠡᠯ ᠤᠨ ᠵᠦᠢᠯ᠂ ᠭᠠᠷ ᠤᠷᠠᠯᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ᠂ ᠴᠠᠭ ᠨᠢᠳᠦᠨ ᠰᠢᠯ᠂ ᠵᠠᠷ ᠮᠡᠳᠡᠭᠡᠨ ᠤ ᠵᠢᠷᠤᠭ ᠲᠥᠯᠥᠪᠯᠡᠭᠡ᠂ ᠲᠦᠷᠢᠶᠡᠰᠦᠯᠡᠬᠦ ᠵᠠᠭᠤᠴᠢ᠂ ᠡᠳ᠋ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ᠂ ᠵᠢᠰᠦ ᠭᠤᠶᠣᠯᠠᠵᠤ ᠦᠰᠦ ᠵᠠᠰᠠᠬᠤ᠂ ᠰᠡᠯᠪᠢᠨ ᠵᠠᠰᠠᠵᠤ ᠴᠡᠪᠡᠷᠯᠡᠬᠦ᠂ ᠳᠠᠯᠠᠶ ᠶᠢᠨ ᠢᠳᠡᠭᠡᠨ ᠤ ᠦᠢᠯᠡᠳᠬᠦᠨ᠂ ᠪᠤᠯᠭᠤᠭᠰᠠᠨ ᠢᠳᠡᠭᠡᠨ ᠤ ᠲᠦᠷᠭᠡᠨ ᠬᠤᠭᠤᠯᠠ ᠵᠡᠷᠭᠡ ᠲᠠᠯᠠᠪᠤᠷ᠂ ᠬᠥᠮᠥᠨ ᠦᠭᠡᠢ ᠬᠡᠲᠦ ᠳᠡᠯᠭᠡᠭᠦᠷ ᠪᠤᠶᠤ ᠲᠣᠭᠯᠠᠭᠠᠮ ᠤᠨ ᠲᠢᠩᠬᠢᠮ᠂ ᠴᠢᠴᠢᠭᠦᠷ ᠪᠥᠮᠪᠦᠭᠡ ᠶᠢᠨ ᠲᠢᠩᠬᠢᠮ᠂ ᠱᠠᠩᠨᠠᠯᠲᠤ ᠰᠤᠭᠤᠯᠤᠭ᠎ᠠ ᠶᠢᠨ ᠥᠷᠲᠡᠭᠡ᠂ ᠰᠢᠲᠠᠷ᠎ᠠ ᠶᠢᠨ ᠥᠷᠥᠭᠡ᠂ ᠮᠠᠵᠢᠶᠠᠩ ᠤᠨ ᠣᠷᠳᠣᠨ ᠵᠡᠷᠭᠡ ᠭᠠᠵᠠᠷ ᠪᠠᠭᠲᠠᠬᠤ ᠪᠦᠭᠡᠳ ᠡᠲᠡᠭᠡᠷ ᠢᠶᠠᠷ ᠵᠣᠭᠰᠣᠬᠤ ᠦᠭᠡᠢ︔    ︵ᠠᠷᠪᠠᠨ ᠭᠤᠷᠪᠠ︶ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠤᠶᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠦᠭᠡᠢ ᠪᠤᠰᠤᠳ ᠪᠠᠶᠢᠳᠠᠯ᠃    ᠠᠷᠪᠠᠨ ᠭᠤᠷᠪᠠᠳᠤᠭᠠᠷ ᠵᠦᠢᠯ  ᠲᠤᠰ ᠲᠥᠯᠦᠪᠵᠢᠭᠦᠯᠭᠡ ᠳᠠᠬᠢ ᠤᠷᠤᠨ ᠵᠠᠢ ᠭᠡᠳᠡᠭ ᠨᠢ ᠬᠤᠶᠠᠷ ᠡᠵᠡᠩᠨᠡᠯᠲᠡ ᠶᠢᠨ ᠲᠠᠯᠠᠪᠤᠷ ᠭᠠᠵᠠᠷ ᠤᠨ ᠬᠤᠭᠤᠷᠣᠨᠳᠣᠬᠢ ᠵᠠᠢ ᠶᠢ ᠵᠢᠭᠠᠵᠤ ᠪᠠᠶᠢᠨ᠎ᠠ᠂ ᠬᠢᠨᠠᠨ ᠬᠡᠮᠵᠢᠬᠦ ᠳᠤ ᠳᠠᠷᠠᠭᠠᠬᠢ ᠵᠢᠭᠰᠠᠭᠠᠭᠰᠠᠨ ᠳᠦᠷᠢᠮ ᠢ ᠵᠢᠷᠤᠮᠯᠠᠨ᠎ᠠ᠄    ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠳᠤ ᠲᠣᠭᠲᠠᠭᠠᠭᠰᠠᠨ ᠬᠠᠤᠯᠢ ᠶᠣᠰᠣᠭᠠᠷ ᠶᠠᠪᠠᠭᠠᠨ ᠢᠶᠠᠷ ᠬᠠᠮᠤᠭ ᠤᠨ ᠣᠶᠢᠷ᠎ᠠ ᠵᠠᠢ ᠳᠤ ᠬᠡᠮᠵᠢᠯᠲᠡ ᠬᠢᠨ᠎ᠡ︔    ︵ᠬᠤᠶᠠᠷ︶ ᠡᠵᠡᠩᠨᠡᠯᠲᠡ ᠶᠢᠨ ᠲᠠᠯᠠᠪᠤᠷ ᠭᠠᠵᠠᠷ ᠤᠨ ᠬᠤᠭᠤᠷᠣᠨᠳᠣᠬᠢ ᠬᠠᠮᠤᠭ ᠤᠨ ᠣᠶᠢᠷ᠎ᠠ ᠪᠠᠶᠢᠭ᠎ᠠ ᠣᠷᠣᠵᠤ ᠭᠠᠷᠬᠤ ᠭᠠᠵᠠᠷ ᠤᠨ ᠬᠤᠶᠠᠷ ᠭᠤᠣᠯ ᠴᠡᠭ ᠢ ᠲᠤᠰ ᠲᠤᠰ ᠡᠬᠢᠯᠡᠯᠲᠡ ᠲᠡᠭᠦᠰᠬᠡᠯ ᠤᠨ ᠴᠡᠭ ᠪᠣᠯᠭᠠᠨ ᠬᠡᠮᠵᠢᠨ᠎ᠡ᠃    ᠠᠷᠪᠠᠨ ᠳᠥᠷᠪᠡᠳᠦᠭᠡᠷ ᠵᠦᠢᠯ  ᠳᠤᠮᠳᠠᠲᠤ ᠪᠠᠭ᠎ᠠ ᠰᠤᠷᠭᠠᠭᠤᠯᠢ ᠶᠢᠨ ᠬᠦᠷᠢᠶᠡᠨ ᠳᠤ ᠪᠠ ᠡᠷᠬᠢᠨ ᠲᠣᠭᠤᠷᠢᠨ ᠤ 100 ᠮᠧᠲᠷ ᠤᠨ ᠳᠣᠲᠣᠷ᠎ᠠ᠂ ᠬᠡᠦᠬᠡᠳ ᠤᠨ ᠴᠡᠴᠡᠷᠯᠢᠭ ᠤᠨ ᠬᠦᠷᠢᠶᠡᠨ ᠳᠤ ᠪᠠ ᠡᠷᠬᠢᠨ ᠲᠣᠭᠤᠷᠢᠨ ᠤ 50 ᠮᠧᠲᠷ ᠤᠨ ᠳᠣᠲᠣᠷ᠎ᠠ ᠨᠠᠪᠴᠢᠨ ᠲᠠᠮᠠᠬᠢᠨ ᠪᠦᠲᠦᠭᠡᠭᠳᠡᠬᠦᠨ ᠢ  ᠰᠤᠯᠠ ᠬᠤᠳᠠᠯᠳᠤᠬᠤ ᠴᠡᠭ ᠭᠠᠷᠭᠠᠵᠤ ᠪᠣᠯᠬᠤ ᠤᠶᠢᠭᠡᠢ᠃    ︵ᠨᠢᠭᠡ︶ ᠲᠤᠰ ᠲᠥᠯᠦᠪᠵᠢᠭᠦᠯᠭᠡ ᠳᠠᠬᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠭᠡᠳᠡᠭ  ᠨᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠥᠭᠡᠳ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠣᠯᠣᠭᠰᠠᠨ ᠨᠢᠭᠡᠴᠢ ᠶᠢ ᠵᠢᠭᠠᠵᠤ ᠪᠠᠶᠢᠨ᠎ᠠ᠃ ᠨᠢᠯᠬ᠎ᠠ ᠬᠡᠦᠬᠡᠳ ᠢ ᠠᠰᠠᠷᠠᠵᠤ ᠬᠠᠷᠠᠭᠠᠯᠵᠠᠬᠤ ᠭᠠᠵᠠᠷ᠂ ᠨᠠᠶᠢᠳᠠᠨ ᠬᠠᠮᠢᠶᠠᠷᠤᠭᠤᠯᠬᠤ ᠭᠠᠵᠠᠷ ᠵᠡᠷᠭᠡ ᠲᠠᠯᠠᠪᠤᠷ ᠨᠢ ᠳᠡᠭᠡᠷ᠎ᠡ ᠳᠤᠷᠠᠳᠤᠭᠰᠠᠨ ᠪᠠᠶᠢᠳᠠᠯ ᠳᠤ ᠨᠡᠶᠢᠴᠡᠬᠦ ᠦᠭᠡᠢ᠂ ᠲᠤᠰ ᠬᠡᠪᠴᠢᠶᠡᠨ ᠳᠤ ᠣᠷᠣᠭᠤᠯᠬᠤ ᠦᠭᠡᠢ︔    ︵ᠬᠤᠶᠠᠷ︶ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠡᠷᠬᠢᠨ ᠲᠣᠭᠤᠷᠢᠨ ᠢ ᠬᠡᠮᠵᠢᠬᠦ ᠪᠠᠷᠢᠮᠵᠢᠶ᠎ᠠ ᠪᠣᠯ ᠣᠷᠣᠵᠤ ᠭᠠᠷᠬᠤ ᠡᠭᠦᠳᠡ ︵ᠭᠤᠣᠯ ᠰᠤᠷᠭᠠᠭᠤᠯᠢ ᠶᠢᠨ ᠡᠭᠦᠳᠡ᠂ ᠬᠠᠵᠠᠭᠤ ᠶᠢᠨ ᠡᠭᠦᠳᠡ᠂ ᠪᠠᠭᠰᠢ ᠰᠣᠷᠣᠭᠴᠢ ᠶᠢᠨ ᠡᠳᠦᠷ ᠲᠤᠲᠤᠮ ᠤᠨ ᠣᠷᠣᠵᠤ ᠭᠠᠷᠬᠤ ᠵᠠᠮ ᠢ ᠵᠢᠭᠠᠨ᠎ᠠ︶ ᠶᠢᠨ ᠭᠤᠣᠯ ᠴᠡᠭ ᠢᠶᠠᠷ ᠡᠬᠢᠯᠡᠯ ᠲᠡᠭᠦᠰᠬᠡᠯ ᠤᠨ ᠴᠡᠭ ᠪᠣᠯᠭᠠᠨ ᠬᠡᠮᠵᠢᠨ᠎ᠡ᠃ ᠰᠢᠯᠤᠭᠤᠨ ᠵᠠᠢ ᠪᠠᠷ ᠬᠡᠮᠵᠢᠵᠦ ᠳᠡᠶᠢᠯᠬᠦ ᠦᠭᠡᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠳᠤ ᠨᠡᠶᠢᠴᠡᠬᠦ ᠬᠠᠮᠤᠭ ᠤᠨ ᠣᠶᠢᠷ᠎ᠠ ᠨᠡᠪᠲᠡᠷᠡᠬᠦ ᠵᠠᠮ ᠢ ᠬᠡᠮᠵᠢᠵᠦ᠂ ᠣᠷᠣᠵᠤ ᠭᠠᠷᠬᠤ ᠤᠯᠠᠨ ᠭᠠᠵᠠᠷ ᠪᠠᠶᠢᠪᠠᠯ ᠬᠠᠮᠤᠭ ᠤᠨ ᠣᠶᠢᠷ᠎ᠠ ᠵᠠᠢ ᠪᠠᠷ ᠪᠠᠷᠢᠮᠵᠢᠶ᠎ᠠ ᠪᠣᠯᠭᠠᠬᠤ ᠬᠡᠷᠡᠭᠲᠡᠢ᠃    ᠠᠷᠪᠠᠨ ᠲᠠᠪᠤᠳᠤᠭᠠᠷ ᠵᠦᠢᠯ  ᠲᠤᠰ ᠲᠥᠯᠦᠪᠵᠢᠭᠦᠯᠭᠡ ᠳᠤ ᠬᠤᠯᠪᠣᠭᠳᠠᠭᠰᠠᠨ ︽ᠡᠭᠦᠨ ᠠᠴᠠ ᠳᠡᠭᠡᠭᠰᠢ︾᠂ ︽ᠡᠭᠦᠨ ᠠᠴᠠ ᠳᠣᠲᠣᠷᠠᠬᠢ︾᠂ ︽ᠡᠭᠦᠨ ᠠᠴᠠ ᠳᠤᠲᠠᠭᠤ ᠪᠠᠶᠢᠯᠭᠠᠵᠤ ᠪᠣᠯᠬᠤ ᠦᠭᠡᠢ︾ ᠭᠡᠳᠡᠭ ᠲᠤ ᠴᠥᠮ ᠲᠡᠷᠡ ᠲᠤᠭ᠎ᠠ ᠶᠢ ᠪᠠᠭᠲᠠᠭᠠᠨ᠎ᠠ᠃    ᠠᠷᠪᠠᠨ ᠵᠢᠷᠭᠤᠳᠤᠭᠠᠷ ᠵᠦᠢᠯ  ᠲᠣᠰ ᠲᠥᠯᠦᠪᠵᠢᠭᠦᠯᠭᠡ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠵᠦ᠂ ᠳᠠᠭᠠᠣ ᠳᠤᠨᠢ 2021 ᠣᠨ ᠤ 4 ᠰᠠᠷ᠎ᠠ ᠶᠢᠨ 16 ᠤ ᠡᠳᠦᠷ ᠨᠡᠶᠢᠲᠡᠯᠡᠭᠰᠡᠨ ︽ᠵᠠᠷᠤᠳ ᠬᠤᠰᠢᠭᠤᠨ ᠤ ᠨᠠᠪᠴᠢᠨ ᠲᠠᠮᠠᠬᠢᠨ ᠤ ᠪᠦᠲᠦᠭᠡᠭᠳᠡᠬᠦᠨ ᠤ ᠰᠤᠯᠠ ᠬᠤᠳᠠᠯᠳᠤᠬᠤ ᠴᠡᠭ ᠤᠨ ᠵᠦᠢ ᠵᠣᠬᠢᠰᠲᠠᠢ ᠪᠠᠶᠢᠷᠢᠰᠢᠭᠤᠯᠤᠯᠲᠠ ᠬᠢᠭᠰᠡᠨ ᠲᠥᠯᠦᠪᠵᠢᠭᠦᠯᠭᠡ︾ ᠶᠢ ᠬᠦᠴᠦᠨ ᠦᠭᠡᠢ ᠪᠣᠯᠭᠠᠨ᠎ᠠ᠃    ᠠᠷᠪᠠᠨ ᠳᠣᠯᠣᠳᠤᠭᠠᠷ ᠵᠦᠢᠯ  ᠲᠣᠰ ᠲᠥᠯᠦᠪᠵᠢᠭᠦᠯᠭᠡ ᠶᠢ ᠲᠦᠩᠯᠢᠶᠣᠣ ᠬᠤᠲᠠ ᠶᠢᠨ ᠵᠠᠷᠤᠳ ᠬᠤᠰᠢᠭᠤᠨ ᠤ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号