2 ᠰᠠᠷ᠎ᠠ ᠶᠢᠨ 17 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ 2022 ᠣᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠵᠢᠴᠢ ᠬᠡᠷᠡᠭ ᠤᠨ ᠵᠢᠱᠢᠶ᠎ᠡ ᠪᠠᠷ | ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯᠳᠤ ᠠᠮᠢᠳᠤᠷᠠᠯ ᠤᠨ ᠬᠤᠷᠠᠯ ᠬᠢᠵᠦ᠂ | ᠭᠤᠣᠯ ᠰᠡᠳᠦᠪ ᠢᠶᠠᠨ ᠴᠢᠩᠭ᠎ᠠ ᠠᠳᠬᠤᠵᠦ᠂ ᠪᠣᠳᠠᠲᠠᠢ ᠲᠠᠢ ᠤᠶᠠᠯᠳᠤᠭᠤᠯᠵᠤ᠂ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠢ ᠲᠥᠪ ᠴᠢᠩᠭ᠎ᠠ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠠᠷᠢᠨ ᠪᠢᠴᠢᠭ ᠤᠨ ᠳᠠᠷᠤᠭ᠎ᠠ ᠮᠡᠷᠭᠡᠨᠪᠠᠳᠤ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠢᠨᠠᠨ ᠵᠢᠯᠤᠭᠤᠳᠬᠤ | ᠳᠤᠭᠤᠶᠢᠯᠠᠩ ᠤᠨ ᠳᠠᠷᠤᠭ᠎ᠠ ᠶᠤᠸᠠᠢ ᠯᠢ ᠬᠤᠸᠠ ᠬᠤᠷᠠᠯ ᠳᠤ ᠤᠷᠤᠯᠴᠠᠵᠦ ᠵᠢᠭᠠᠨ ᠵᠢᠯᠤᠭᠤᠳᠴᠤ ᠦᠨᠡᠯᠡᠯᠲᠡ ᠬᠢᠪᠡ᠃ | ᠬᠤᠰᠢᠭᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠡᠷᠭᠢᠯᠡᠪᠡ᠃ | | | | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭ᠎ᠠ ᠶᠢᠨ ᠠᠷᠠᠳᠴᠢᠯᠠᠯᠳᠤ | ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠲᠠ ᠶᠢᠨ ᠨᠠᠮ ᠤᠨ ᠬᠤᠷᠢᠶᠠᠨ ᠤ | ᠬᠢᠨᠠᠨ ᠵᠢᠯᠤᠭᠤᠳᠬᠤ ᠳᠤᠭᠤᠶᠢᠯᠠᠩ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠷᠢᠨ ᠬᠢᠨᠠᠮᠠᠭᠠᠢ ᠰᠤᠷᠤᠯᠴᠠᠵᠤ | ᠰᠤᠳᠤᠯᠤᠨ ᠶᠠᠷᠢᠯᠴᠠᠵᠤ᠂ ᠥᠷᠭᠡᠨ ᠢᠶᠠᠷ ᠰᠠᠨᠠᠯ ᠬᠤᠷᠢᠶᠠᠵᠤ᠂ ᠰᠡᠳᠬᠢᠯ ᠤᠨ ᠦᠭᠡ ᠪᠠᠨ ᠭᠦᠨᠵᠡᠭᠡᠢ ᠦᠨᠡᠨᠴᠢ ᠪᠠᠷ | ᠶᠠᠷᠢᠯᠴᠠᠵᠤ᠂ ᠭᠦᠨᠵᠡᠭᠡᠢ ᠬᠠᠷᠢᠴᠠᠭᠤᠯᠤᠨ ᠪᠠᠶᠢᠴᠠᠭᠠᠵᠤ᠂ ᠬᠤᠷᠠᠯ ᠠᠴᠠ ᠡᠮᠦᠨᠡᠬᠢ ᠪᠡᠯᠡᠳᠬᠡᠯ ᠠᠵᠢᠯ ᠢ ᠯᠠᠪᠳᠠᠭᠤᠨ | ᠪᠠᠲᠤᠲᠠᠢ ᠥᠷᠨᠢᠭᠦᠯᠦᠨ᠂ ᠡᠨᠡ ᠤᠳᠠᠭ᠎ᠠ ᠶᠢᠨ ᠠᠷᠠᠳᠴᠢᠯᠠᠯᠳᠤ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠪᠠᠲᠤ | ᠪᠠᠬᠢ ᠰᠠᠭᠤᠷᠢ ᠲᠠᠯᠪᠢᠪᠠ᠃ | | | | | ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠵᠢᠯ ᠤᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯᠳᠤ ᠠᠮᠢᠳᠤᠷᠠᠯ ᠤᠨ ᠬᠤᠷᠠᠯ ᠤᠨ | ᠴᠡᠭᠴᠡᠯᠡᠨ ᠰᠠᠶᠢᠵᠢᠷᠠᠭᠤᠬᠤ ᠵᠤᠶᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠣᠰ ᠤᠳᠠᠭᠠᠨ ᠤ ᠠᠷᠠᠳᠴᠢᠯᠠᠯᠳᠤ | ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ︔ ᠱᠣᠣ ᠶᠠᠨ ᠵᠢᠶᠦ᠋ᠨ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠦᠯᠤᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ | ᠪᠡᠶ᠎ᠡ ᠪᠠᠷ ᠢᠶᠠᠨ ᠲᠦᠷᠦᠭᠦᠯᠡᠨ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠰᠠᠨᠠᠭᠠᠴᠢᠯᠠᠭ᠎ᠠ ᠠᠴᠠ ᠪᠠᠨ | ᠰᠢᠭᠦᠮᠵᠢᠯᠡᠯ ᠢ ᠬᠦᠯᠢᠶᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠪᠦᠷᠢ | ᠨᠢᠭᠡ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ | ᠨᠠᠷᠢᠨ ᠬᠢᠨᠠᠮᠠᠭᠠᠢ ᠦᠷᠨᠢᠭᠦᠯᠵᠦ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠵᠦ᠂ ᠪᠦᠯᠬᠦᠮᠳᠡᠯ ᠢᠶᠠᠨ ᠴᠢᠩᠬᠠᠳᠬᠠᠨ᠂ | ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠬᠦᠷᠪᠡ᠃ | ᠮᠡᠷᠭᠡᠨᠪᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠶᠠᠷᠢᠶ᠎ᠠ ᠶᠢ | ᠰᠣᠨᠣᠰᠤᠭᠰᠠᠨ ᠤ ᠳᠠᠷᠠᠭ᠎ᠠ᠂ ᠲᠣᠰ ᠤᠳᠠᠭᠠᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠤᠨ ᠣᠯᠣᠭᠰᠠᠨ ᠦᠷ᠎ᠡ | ᠪᠦᠲᠦᠮᠵᠢ ᠶᠢ ᠭᠦᠢᠴᠡᠳ ᠨᠤᠲᠠᠯᠠᠵᠤ᠂ ᠲᠣᠰ ᠤᠳᠠᠭᠠᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠤᠨ ᠪᠡᠯᠡᠳᠬᠡᠯ | ᠠᠵᠢᠯ ᠢ ᠨᠠᠷᠢᠨ ᠨᠢᠮᠪᠠᠢ ᠪᠥᠭᠡᠳ ᠪᠦᠷᠢᠨ ᠭᠦᠢᠴᠡᠳ ᠬᠢᠵᠦ᠂ ᠠᠰᠠᠭᠤᠳᠠᠯ ᠢᠶᠠᠨ ᠪᠣᠳᠠᠲᠠᠢ ᠭᠦᠨᠵᠡᠭᠡᠢ ᠡᠷᠢᠵᠦ᠂ | ᠦᠨᠳᠦᠰᠦ ᠰᠤᠷᠪᠤᠯᠵᠢ ᠶᠢ ᠨᠢ ᠵᠠᠳᠠᠯᠤᠨ ᠰᠢᠨᠵᠢᠯᠡᠵᠦ᠂ ᠬᠠᠷᠢᠯᠴᠠᠨ ᠰᠢᠭᠦᠮᠵᠢᠯᠡᠬᠦ ᠳᠡᠭᠡᠨ ᠦᠨᠡᠨᠴᠢ ᠰᠢᠯᠤᠭᠤᠨ | ᠪᠠᠶᠢᠵᠤ᠂ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠲᠣᠳᠣᠷᠬᠠᠢ ᠪᠠᠶᠢᠵᠤ᠂ ᠵᠢᠱᠢᠭᠰᠡᠨ | ᠦᠷ᠎ᠡ ᠪᠦᠲᠦᠮᠵᠢ ᠳᠡᠭᠡᠨ ᠬᠦᠷᠴᠡᠢ ᠭᠡᠪᠡ᠃ | | | | | ᠬᠤᠶᠢᠰᠢᠳᠠ ᠶᠢᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠲᠤᠬᠠᠢ᠂ ᠮᠡᠷᠭᠡᠨᠪᠠᠳᠤ ᠴᠢᠬᠤᠯᠠᠴᠢᠯᠠᠭᠰᠠᠨ | ᠨᠢ᠂ ᠤᠯᠤᠰ ᠲᠥᠷᠥ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠪᠠᠲᠤ ᠰᠠᠬᠢᠵᠤ᠂ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠤᠭ ᠲᠡᠮᠳᠡᠭ | ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠶᠢ ᠡᠯ᠎ᠡ ᠵᠦᠢᠯ ᠤᠨ ᠠᠵᠢᠯ ᠤᠨ ᠡᠬᠢᠨ ᠠᠴᠠ ᠠᠳᠠᠭ ᠲᠤ ᠬᠦᠷᠲᠡᠯ᠎ᠡ | ᠲᠤᠤᠱᠯᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ︽ᠬᠤᠶᠠᠷ ᠢ | ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠲᠠᠨᠢᠭᠤᠯᠵᠤ᠂ ᠠᠵᠢᠯ ᠢᠶᠠᠨ | ᠲᠥᠯᠥᠪᠵᠢᠭᠦᠯᠬᠦ ᠳᠤᠮᠳᠠ ᠤᠯᠤᠰ ᠲᠥᠷᠥ ᠶᠢᠨ ᠵᠣᠭᠰᠣᠯᠲᠠ ᠪᠠᠨ ᠦᠨᠡᠨ ᠬᠦ ᠪᠠᠲᠤᠳᠬᠠᠵᠤ᠂ ᠵᠠᠷᠤᠳ | ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠭᠵᠢᠭᠦᠯᠦᠯᠲᠡ ᠶᠢᠨ | ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠴᠢᠩᠭ᠎ᠠ ᠠᠳᠬᠤᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ | ᠰᠤᠷᠤᠯᠴᠠᠬᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠠᠵᠤ | ᠦᠢᠯᠡᠳᠪᠦᠷᠢ᠂ ᠲᠠᠷᠢᠶᠠᠯᠠᠩ᠂ ᠠᠷᠠᠯᠵᠢᠶᠠᠴᠢᠨ ᠤᠷᠢᠵᠤ ᠪᠡᠯᠡ ᠲᠠᠳᠠᠬᠤ ᠵᠡᠷᠭᠡ ᠲᠠᠯ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠳᠠᠭᠠᠭᠤᠯᠵᠤ | ᠬᠦᠴᠦ ᠪᠠᠨ ᠬᠠᠮᠲᠤᠳᠬᠠᠨ ᠬᠠᠮᠲᠤ ᠪᠠᠷ ᠪᠦᠲᠦᠭᠡᠨ ᠪᠠᠶᠢᠭᠤᠯᠵᠤ᠂ ᠦᠨᠡᠨ ᠬᠦ ᠠᠳᠬᠤᠨ ᠪᠣᠳᠠᠲᠠᠢ ᠪᠠᠷ | ᠠᠵᠢᠯᠯᠠᠭᠤᠯᠤᠨ᠂ ᠣᠳᠣᠬᠢᠴᠢᠯᠠᠭᠰᠠᠨ ᠲᠦᠩᠯᠢᠶᠣᠣ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠠᠩ ᠣᠯᠠᠨ | ᠨᠠᠩ ᠶᠡᠭᠡ ᠵᠠᠷᠤᠳ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠳᠠᠢ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠦᠬᠦ | ᠲᠠᠯ᠎ᠠ ᠪᠠᠷ ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠠᠰᠢᠭ ᠲᠤᠰᠠ ᠣᠯᠭᠤᠬᠤ᠂ ᠪᠤᠶᠠᠨ ᠵᠢᠷᠭᠠᠯ ᠢ | ᠨᠡᠮᠡᠭᠳᠡᠭᠦᠯᠬᠦ ᠶᠢ ᠠᠯᠢᠪᠠ ᠠᠵᠢᠯ ᠤᠨ ᠢᠶᠠᠨ ᠵᠣᠷᠢᠯᠲᠠ ᠪᠠ ᠲᠤᠰᠤᠯᠲᠠ ᠪᠠᠨ ᠪᠣᠯᠭᠠᠵᠤ᠂ ᠬᠦᠴᠦᠯᠡᠨ ᠴᠢᠷᠮᠠᠶᠢᠵᠤ | ᠦᠢᠯᠡᠰ ᠪᠦᠲᠦᠭᠡᠬᠦ ᠪᠠᠶᠢᠳᠠᠯ ᠢᠶᠠᠷ ᠬᠤᠰᠢᠭᠤᠨ ᠤ ᠨᠠᠮ ᠤᠨ ᠬᠤᠷᠢᠶᠠᠨ ᠤ ᠲᠣᠭᠲᠠᠭᠠᠭᠰᠠᠨ ᠡᠯ᠎ᠡ ᠲᠦᠷᠦᠯ ᠤᠨ | ᠠᠵᠢᠯ ᠤᠨ ᠡᠭᠦᠷᠭᠡ ᠶᠢ ᠡᠷᠲᠡ ᠦᠷ᠎ᠡ ᠪᠦᠲᠦᠮᠵᠢ ᠲᠠᠢ ᠪᠣᠯᠭᠠᠬᠤ ᠶᠢ ᠠᠬᠢᠭᠤᠯᠬᠤ ᠬᠡᠷᠡᠭᠲᠡᠢ᠃ ᠬᠡᠷᠡᠭ ᠢᠶᠠᠷ ᠲᠣᠯᠢ | ᠪᠣᠯᠭᠠᠬᠤ ᠶᠢ ᠪᠠᠷᠢᠮᠲᠠᠯᠠᠵᠤ᠂ ᠨᠠᠮ ᠢ ᠬᠠᠮᠢᠶᠠᠷᠬᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭ᠎ᠠ | ᠠᠬᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠪᠥᠬᠦ ᠬᠤᠰᠢᠭᠤᠨ ᠤ | ᠺᠠᠳ᠋ᠷᠴᠤᠳ ᠤᠨ ᠳᠣᠲᠣᠷᠠᠬᠢ ᠵᠠᠩᠭᠢᠯᠠᠭ᠎ᠠ ᠴᠥᠭᠡᠨ ᠲᠣᠭᠠᠲᠠᠨ ᠪᠣᠯᠤᠭᠰᠠᠨ ᠤ ᠬᠤᠪᠢ ᠳᠤ᠂ ᠯᠢ ᠵᠢᠶᠧ ᠰᠢᠶᠠᠩ ᠤᠨ | ᠬᠠᠤᠯᠢ ᠰᠠᠬᠢᠯᠭ᠎ᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠬᠠᠷᠠᠰᠠᠯᠲᠤ ᠰᠤᠷᠭᠠᠮᠵᠢ ᠶᠢ ᠭᠦᠨᠵᠡᠭᠡᠢ | ᠰᠢᠩᠭᠡᠬᠡᠨ ᠠᠪᠴᠤ᠂ ︽ᠥᠳᠥᠭᠡᠨ ᠲᠠᠲᠠᠬᠤ︾᠂ ︽ᠢᠯᠵᠠᠷᠠᠭᠤᠯᠬᠤ︾᠂ ︽ᠬᠦᠷᠢᠶᠡᠯᠡᠨ ᠠᠩᠨᠠᠬᠤ︾ ᠶᠢ ᠴᠠᠭ | ᠢᠮᠠᠭᠲᠠ ᠰᠡᠷᠡᠮᠵᠢᠯᠡᠵᠦ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠴᠢᠩᠭ᠎ᠠ ᠵᠢᠷᠤᠮᠯᠠᠨ᠂ ᠳᠡᠷᠭᠡᠳᠡᠬᠢ ᠬᠥᠮᠥᠰ | ᠪᠠ ᠳᠡᠷᠭᠡᠳᠡᠬᠢ ᠶᠠᠪᠤᠳᠠᠯ ᠢᠶᠠᠨ ᠴᠢᠩᠭ᠎ᠠ ᠬᠠᠮᠢᠶᠠᠷᠴᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ | ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠪᠡ᠃ | ᠱᠣᠣ ᠶᠠᠨ ᠵᠢᠶᠦ᠋ᠨ ᠳ᠋ᠦᠩᠨᠡᠯᠲᠡ ᠶᠢᠨ ᠶᠠᠷᠢᠶᠠᠨ ᠳᠠᠭᠠᠨ᠂ ᠲᠦᠷᠦᠭᠦᠯᠡᠨ ᠤᠯᠤᠰ ᠲᠥᠷᠥ ᠶᠢᠨ ᠲᠠᠯ᠎ᠠ ᠪᠠᠷ | ᠦᠨᠡᠨᠴᠢ ᠰᠢᠳᠤᠷᠭᠤ ᠪᠠᠶᠢᠬᠤ ᠶᠢ ᠪᠠᠲᠤ ᠪᠤᠶ ᠪᠣᠯᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ | ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ | ᠪᠣᠳᠠᠲᠠᠶᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠢᠳᠪᠦᠷᠢᠯᠡᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠪᠠ ᠪᠣᠳᠠᠲᠠᠢ | ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠲᠦᠷᠦᠭᠦᠯᠡᠨ ᠰᠠᠶᠢᠲᠤᠷ ᠬᠢᠵᠦ᠂ ᠠᠷᠠᠳᠴᠢᠯᠠᠯᠳᠤ ᠠᠮᠢᠳᠤᠷᠠᠯ ᠤᠨ ᠬᠤᠷᠠᠯ ᠤᠨ ᠦᠷ᠎ᠡ | ᠪᠦᠲᠦᠭᠡᠯ ᠢ ᠭᠦᠢᠴᠡᠳ ᠠᠰᠢᠭᠯᠠᠵᠤ᠂ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠬᠦᠴᠦ ᠲᠠᠯᠪᠢᠵᠤ᠂ ᠴᠡᠭᠴᠡᠯᠡᠨ | ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠵᠢᠭᠰᠠᠭᠠᠵᠤ᠂ | ᠳᠦᠷᠢᠮ ᠢᠶᠠᠷ ᠡᠷᠬᠡ ᠶᠢ ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ᠂ ᠬᠥᠮᠥᠨ ᠢ ᠬᠠᠮᠢᠶᠠᠷᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠠᠷᠠᠳᠴᠢᠯᠠᠯᠳᠤ ᠠᠮᠢᠳᠤᠷᠠᠯ ᠤᠨ ᠬᠤᠷᠠᠯ ᠤᠨ ︽ | ᠳᠠᠷᠠᠭᠠᠬᠢ ᠬᠠᠭᠠᠰ ᠠᠵᠢᠯ︾ ᠢ ᠰᠠᠶᠢᠲᠤᠷ ᠬᠢᠬᠦ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠲᠦᠷᠦᠭᠦᠯᠡᠨ | ᠪᠠᠳᠠᠷᠠᠭᠤᠯᠵᠤ᠂ ︽ᠲᠥᠷᠥᠯ ᠵᠦᠢᠯ ᠢᠶᠠᠷ ᠭᠤᠣᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠭᠤᠣᠯ ᠪᠣᠯᠭᠠᠬᠤ︾ | ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠥᠬᠦ ᠬᠤᠰᠢᠭᠤᠨ ᠤ ︽ᠠᠷᠪᠠᠨ ᠠᠵᠤ ᠦᠢᠯᠡᠰ︾ ᠤᠨ | ᠲᠣᠭᠤᠷᠢᠨ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠣᠨᠣᠯᠵᠢᠬᠤᠨ ᠢᠶᠠᠨ ᠲᠠᠰᠤᠷᠠᠯᠲᠠ ᠦᠭᠡᠢ ᠰᠢᠨᠡᠳᠬᠡᠵᠦ᠂ ᠰᠢᠯᠢᠳᠡᠭ ᠠᠷᠭ᠎ᠠ ᠮᠠᠶ᠋ᠢᠭ ᠢ ᠡᠭᠦᠳᠴᠦ᠂ ᠡᠷᠡᠰ ᠬᠠᠲᠠᠭᠤ | ᠵᠣᠷᠢᠭ ᠲᠤ ᠲᠦᠰᠢᠭᠯᠡᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ | ᠲᠦᠷᠦᠭᠦᠯᠡᠨ ᠰᠢᠯᠢᠳᠡᠭ ᠰᠤᠷᠲᠠᠯ ᠢ ᠪᠠᠳᠠᠷᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠲᠥᠪ ᠭᠤᠣᠯᠴᠢ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ | ᠠᠬᠤᠢ ᠪᠠ ᠨᠡᠶᠢᠭᠡᠮ ᠤᠨ ᠬᠡᠪ ᠰᠤᠷᠲᠠᠯ ᠤᠨ ᠳᠠᠭᠠᠭᠤᠯᠤᠭᠴᠢ᠂ ᠡᠭᠦᠳᠦᠭᠴᠢ᠂ ᠬᠠᠮᠠᠭᠠᠯᠠᠭᠴᠢ ᠪᠣᠯᠬᠤ ᠬᠡᠷᠡᠭᠲᠡᠢ ᠭᠡᠪᠡ | ᠃ | |