︽ᠴᠠᠭ ᠲᠤ ᠠᠷᠪᠢᠲᠠᠢ ᠪᠥᠭᠡᠳ ᠰᠠᠨᠠᠭ᠎ᠠ ᠠᠮᠤᠷ ᠬᠦᠴᠦᠨ ᠳᠤ ᠴᠦ ᠠᠷᠪᠢᠲᠠᠢ ᠪᠤᠯᠪᠠ᠂ ᠥᠩᠭᠡᠷᠡᠭᠰᠡᠨ ᠳᠤ ︿ | ᠪᠦᠷᠢᠨ ᠴᠢᠳᠠᠮᠵᠢᠳᠤ ᠺᠠᠷᠲ﹀ ᠤᠨ ᠳᠠᠩᠰᠠᠨ ᠡᠷᠦᠬᠡ ᠪᠠᠶᠢᠭᠤᠯᠬᠤ᠂ ᠲᠤᠬᠠᠶᠢᠯᠠᠭᠰᠠᠨ ᠠᠵᠢᠯ ᠢᠶᠠᠨ | ᠬᠤᠪᠢᠷᠠᠭᠤᠯᠬᠤ ᠳᠤ ᠲᠤᠶᠢᠯ ᠤᠨ ᠶᠠᠷᠰᠢᠭ ᠲᠦᠪᠡᠭᠲᠡᠢ ᠪᠠᠶᠢᠭᠰᠠᠨ᠂ ᠣᠳᠣ ᠭᠠᠷ ᠤᠲᠠᠰᠤ ᠪᠠᠷ ᠪᠦᠬᠦ ᠶᠠᠪᠤᠴᠠ ᠶᠢ | ᠪᠡᠶᠡᠯᠡᠭᠦᠯᠬᠦ ᠪᠤᠯᠤᠭᠰᠠᠨ ᠪᠣᠯᠬᠤᠷ ᠮᠠᠰᠢ ᠳᠥᠭᠦᠮ ᠪᠣᠯᠵᠠᠢ︾᠃ ᠣᠶᠢᠷ᠎ᠠ ᠳᠤ᠂ ᠵᠠᠷᠤᠳ ᠬᠤᠰᠢᠭᠤᠨ ᠤ ᠯᠦᠪᠧᠢ | ᠪᠠᠯᠭᠠᠰᠤᠨ ᠤ ᠰᠠᠭᠤᠭᠠᠯᠢ ᠠᠷᠠᠳ ᠪᠦᠦ ᠠᠪᠤᠭᠠᠢ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠳᠤ ᠬᠦᠷᠴᠦ ︽ᠪᠦᠷᠢᠨ ᠴᠢᠳᠠᠮᠵᠢᠳᠤ ᠺᠠᠷᠲ︾ ᠤᠨ ᠲᠠᠩᠰᠠᠨ ᠡᠷᠦᠬᠡ ᠶᠢ ᠬᠤᠪᠢᠷᠠᠭᠤᠯᠬᠤ | ᠲᠤᠬᠠᠶᠢᠯᠠᠭᠰᠠᠨ ᠠᠵᠢᠯ ᠢ ᠠᠵᠢᠯᠲᠠᠨ ᠤ ᠵᠢᠯᠣᠭᠤᠳᠤᠯᠭ᠎ᠠ ᠳᠣᠣᠷ᠎ᠠ ᠰᠦᠯᠵᠢᠶᠡᠨ ᠳᠡᠭᠡᠷ᠎ᠡ ᠭᠦᠢᠴᠡᠳᠬᠡᠬᠦ ᠪᠠᠷ | ᠭᠤᠶᠤᠴᠢᠯᠠᠪᠠ᠂ ᠲᠡᠷᠡ ︽ᠪᠦᠷᠢᠨ ᠴᠢᠳᠠᠮᠵᠢᠳᠤ ᠺᠠᠷᠲ︾ ᠤᠨ ᠲᠠᠩᠰᠠᠨ ᠡᠷᠦᠬᠡ ᠶᠢᠨ ᠬᠠᠮᠢᠶᠠᠷᠤᠯᠲᠠ ᠶᠢᠨ | ᠵᠦᠢᠯᠡᠰ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠳᠤ ᠲᠤᠩ ᠲᠥᠬᠦᠮ ᠪᠤᠯᠤᠭᠰᠠᠨ ᠢ ᠮᠡᠳᠡᠷᠡᠪᠡ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠪᠣᠯ ᠵᠠᠷᠤᠳ ᠬᠤᠰᠢᠭᠤ ᠪᠥᠬᠦ ᠣᠷᠣᠨ ᠳᠤ ᠬᠠᠮᠤᠭ ᠤᠨ | ᠲᠦᠷᠦᠭᠦᠨ ᠳᠤ ︽ᠪᠦᠷᠢᠨ ᠴᠢᠳᠠᠮᠵᠢᠳᠤ ᠺᠠᠷᠲ︾ ᠤᠨ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠵᠦᠢᠯᠡᠰ ᠤᠨ | ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠵᠦ ᠪᠠᠶᠢᠭ᠎ᠠ ᠶᠠᠪᠤᠳᠠᠯ ᠪᠣᠯᠣᠨ᠎ᠠ᠃ | | | | | ᠮᠠᠯᠴᠢᠨ ᠲᠠᠷᠢᠶᠠᠴᠢᠨ ᠲᠦᠮᠡᠨ ᠤ ︿ᠪᠦᠷᠢᠨ ᠴᠢᠳᠠᠮᠵᠢᠳᠤ ᠺᠠᠷᠲ﹀ ᠤᠨ ᠲᠠᠩᠰᠠᠨ ᠡᠷᠦᠬᠡ ᠶᠢᠨ ᠬᠠᠮᠢᠶ᠎ᠠ | ᠪᠦᠬᠦᠢ ᠤᠴᠢᠷ ᠶᠠᠪᠤᠳᠠᠯ ᠢ ᠭᠦᠢᠴᠡᠳᠬᠡᠬᠦ ᠳᠤ ᠳᠥᠭᠦᠮ ᠦᠭᠡᠢ ᠪᠠᠶᠢᠭ᠎ᠠ ᠪᠣᠳᠠᠲᠠᠢ ᠠᠰᠠᠭᠤᠳᠠᠯ ᠳᠤ ᠴᠢᠭᠯᠡᠭᠦᠯᠦᠨ᠂ | ᠵᠢᠯ ᠤᠨ ᠡᠬᠢᠨ ᠠᠴᠠ ᠨᠠᠰᠢ᠂ ᠵᠠᠷᠤᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠷᠭ᠎ᠠ | ᠪᠣᠳᠣᠯᠭ᠎ᠠ ᠬᠡᠷᠡᠭᠵᠢᠭᠦᠯᠵᠦ᠂ ᠳᠡᠭᠡᠳᠦ ᠳᠣᠣᠷᠠᠳᠤ ᠱᠠᠲᠤ ᠲᠠᠢ ᠵᠣᠬᠢᠴᠠᠭᠤᠯᠤᠨ᠂ ᠢᠳᠡᠪᠬᠢᠲᠡᠢ ᠪᠠᠷ ᠲᠦᠯᠬᠢᠨ | ᠠᠬᠢᠭᠤᠯᠵᠤ᠂ ᠣᠲᠣ ᠦᠶ᠎ᠡ ᠶᠢᠨ ᠢᠨᠲ᠋ᠧᠷ ᠰᠦᠯᠵᠢᠶᠡᠨ ᠤ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠡᠳ᠋ ᠤᠨ | ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︽ᠪᠦᠷᠢᠨ ᠴᠢᠳᠠᠮᠵᠢᠳᠤ ᠺᠠᠷᠲ︾ ᠤᠨ ᠲᠠᠩᠰᠠᠨ ᠡᠷᠦᠬᠡ ᠶᠢᠨ | ᠬᠠᠮᠢᠶᠠᠷᠤᠯᠲᠠ ᠶᠢᠨ ᠤᠴᠢᠷ ᠶᠠᠪᠤᠳᠠᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ | | | | | | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠢ ᠲᠠᠨᠢᠵᠤ ᠠᠪᠬᠤ ᠶᠢ | ᠠᠬᠢᠭᠤᠯᠬᠤ ᠶᠠᠪᠤᠴᠠ ᠳᠤ᠂ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠬᠢᠨ ᠣᠯᠠᠨ ᠲᠦᠮᠡᠨ ᠤ | ᠭᠦᠢᠴᠡᠳᠭᠡᠬᠦ ᠥᠨᠳᠥᠷ ᠳᠠᠪᠲᠠᠮᠵᠢᠲᠤ ᠵᠦᠢᠯᠡᠰ ︽ᠪᠦᠷᠢᠨ ᠴᠢᠳᠠᠮᠵᠢᠳᠤ ᠺᠠᠷᠲ︾ ᠤᠨ ᠲᠠᠩᠰᠠᠨ ᠡᠷᠦᠬᠡ | ᠪᠠᠶᠢᠭᠤᠯᠬᠤ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠵᠡᠷᠭᠡ ᠵᠦᠢᠯᠡᠰ ᠨᠢ ᠨᠢᠭᠡ ᠴᠣᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠦᠨᠳᠦᠰᠦᠨ ᠭᠠᠷᠴᠠᠭ ᠲᠤ ᠪᠠᠭᠲᠠᠭᠠᠭᠰᠠᠨ ᠦᠭᠡᠢ | ᠭᠡᠳᠡᠭ ᠢ ᠤᠶᠢᠯᠠᠭᠠᠪᠠ᠃ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ | ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ | ᠰᠠᠨᠠᠯ︾ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠤᠨ | ᠦᠨᠳᠦᠰᠦᠨ ᠭᠠᠷᠴᠠᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠬᠤᠰᠢᠭᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠳᠠᠷᠤᠶᠢᠬᠠᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ | ᠨᠡᠮᠡᠵᠦ ᠨᠥᠬᠦᠪᠦᠷᠢᠯᠡᠬᠦ ᠵᠦᠢᠯ ᠤᠨ ᠭᠠᠷᠴᠠᠭ ᠢ ᠭᠤᠶᠤᠴᠢᠯᠠᠵᠤ᠂ ᠡᠭᠦᠨ ᠤ ᠬᠠᠮᠲᠤ ᠳᠡᠭᠡᠳᠦ ᠱᠠᠲᠤᠨ ᠤ ᠬᠢᠨᠠᠨ | ᠬᠠᠷᠭᠤᠭᠤᠯᠬᠤ ᠶᠠᠪᠤᠴᠠ ᠳᠤ ᠢᠳᠡᠪᠬᠢᠲᠡᠢ ᠬᠠᠮᠵᠢᠯᠴᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠳᠤ ᠨᠡᠮᠡᠵᠦ ᠨᠥᠬᠦᠪᠦᠷᠢᠯᠡᠬᠦ ᠭᠠᠷᠴᠠᠭ ᠤᠨ ᠦᠨᠳᠦᠰᠦᠯᠡᠯ ᠪᠠ ᠴᠢᠬᠤᠯᠠ ᠴᠢᠨᠠᠷ ᠢ ᠲᠠᠶᠢᠯᠪᠤᠷᠢᠯᠠᠨ | ᠲᠣᠳᠣᠷᠬᠠᠶᠢᠯᠠᠵᠤ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ︽ | ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ︿ᠪᠦᠷᠢᠨ ᠴᠢᠳᠠᠮᠵᠢᠳᠤ ᠺᠠᠷᠲ﹀ ᠤᠨ ᠲᠠᠩᠰᠠᠨ ᠡᠷᠦᠬᠡ ᠶᠢᠨ | ᠬᠠᠮᠢᠶᠠᠷᠤᠯᠲᠠ︾ ᠵᠢᠴᠢ ᠪᠠᠶᠢᠭᠤᠯᠬᠤ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠭᠤᠷᠪᠠᠨ ᠬᠤᠪᠢᠶᠠᠷᠢ | ᠲᠥᠷᠥᠯ ᠵᠦᠢᠯ ᠤᠨ ᠭᠠᠷᠴᠠᠭ ᠢ ᠨᠡᠮᠡᠵᠦ ᠨᠥᠬᠦᠪᠦᠷᠢᠯᠡᠬᠦ ᠶᠢ ᠠᠬᠢᠭᠤᠯᠪᠠ᠃ | ᠲᠣᠰ ᠵᠤᠶᠢᠯ ᠢ ᠠᠮᠤᠷ ᠲᠦᠪᠰᠢᠨ᠂ ᠯᠠᠪᠳᠠᠭᠤᠨ᠂ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ | ᠲᠥᠯᠥᠭᠡ᠂ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠤᠷᠢᠳᠠᠪᠠᠷ ᠪᠥᠬᠦ ᠬᠤᠰᠢᠭᠤᠨ ᠤ | ᠭᠤᠷᠪᠠᠨ ᠲᠤᠷᠰᠢᠯᠲᠠ ᠶᠢᠨ ᠴᠢᠭ᠋ ᠤᠨ ᠭᠠᠵᠠᠷ ᠣᠷᠣᠨ ᠳᠤ ᠬᠡᠷᠡᠭᠵᠢᠭᠦᠯᠬᠦ ᠶᠢᠨ ᠬᠠᠮᠲᠤ᠂ ᠲᠤᠷᠰᠢᠯᠲᠠ ᠶᠢᠨ ᠴᠢᠭ᠋ ᠤᠨ | ᠰᠤᠮᠤ ᠪᠠᠯᠭᠠᠰᠤ ᠶᠢ ᠴᠤᠭᠯᠠᠭᠤᠯᠤᠨ ᠬᠡᠷᠡᠭ ᠶᠠᠪᠤᠳᠠᠯ ᠤᠨ ᠪᠥᠬᠦ ᠴᠤᠪᠤᠷᠠᠯ ᠢ ᠰᠦᠯᠵᠢᠶᠡᠨ ᠳᠡᠭᠡᠷ᠎ᠡ ᠭᠦᠢᠴᠡᠳᠬᠡᠬᠦ | ᠲᠠᠰ ᠳᠠᠷᠠᠭᠠᠯᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠬᠤ᠂ ᠵᠢᠷᠤᠮᠵᠢᠭᠤᠯᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠡᠷᠡᠭ ᠶᠠᠪᠤᠳᠠᠯ ᠢ ᠭᠦᠢᠴᠡᠳᠬᠡᠬᠦ | ᠵᠦᠭᠯᠡᠭᠦᠷ ᠳᠠᠬᠢ ᠡᠯ᠎ᠡ ᠵᠦᠢᠯ ᠤᠨ ᠬᠦᠴᠦᠨ ᠵᠦᠢᠯ ᠢ ᠨᠢᠭᠡᠳᠦᠯᠲᠡᠢ ᠵᠢᠷᠤᠮᠵᠢᠭᠤᠯᠪᠠ᠃ ᠬᠤᠰᠢᠭᠤ᠂ ᠰᠤᠮᠤ ᠪᠠᠯᠭᠠᠰᠤ | ᠬᠤᠶᠠᠷ ᠱᠠᠲᠤᠨ ᠤ ᠪᠥᠬᠦ ᠬᠦᠴᠦᠨ ᠢᠶᠠᠷ ᠢᠶᠠᠨ ᠠᠬᠢᠭᠤᠯᠬᠤ ᠪᠠᠷ ᠳᠡᠮᠵᠢᠨ᠂ ︽ᠨᠢᠭᠡ ᠴᠣᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠶᠡᠷᠦᠩᠬᠡᠶᠢᠯᠡᠭᠰᠡᠨ ᠴᠣᠩᠬᠤᠪᠴᠢ ᠰᠢᠰᠲ᠋ᠧᠮ + | ᠲᠦᠩᠯᠢᠶᠣᠣ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠯᠡᠨ ᠲᠠᠪᠴᠠᠩ︾ ᠤᠨ ᠮᠡᠷᠭᠡᠵᠢᠯ ᠤᠨ | ᠲᠤᠯᠭᠠᠭᠤᠷᠢᠯᠠᠯ ᠳᠤ ᠲᠦᠰᠢᠭᠯᠡᠨ᠂ ᠭᠤᠷᠪᠠᠨ ᠲᠤᠷᠰᠢᠯᠲᠠ ᠶᠢᠨ ᠰᠤᠮᠤ ᠪᠠᠯᠭᠠᠰᠤ ᠶᠢᠨ ᠠᠩᠬᠠᠨ ᠤ ᠪᠦᠯᠦᠭ ︽ | ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︿ᠪᠦᠷᠢᠨ ᠴᠢᠳᠠᠮᠵᠢᠳᠤ ᠺᠠᠷᠲ﹀ ᠤᠨ ᠲᠠᠩᠰᠠᠨ ᠡᠷᠦᠬᠡ | ᠪᠠᠶᠢᠭᠤᠯᠬᠤ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ︾ ᠪᠥᠬᠦ ᠶᠠᠪᠤᠴᠠ ᠶᠢ ᠰᠦᠯᠵᠢᠶᠡᠨ ᠳᠡᠭᠡᠷ᠎ᠡ | ᠭᠦᠢᠴᠡᠳᠬᠡᠬᠦ ᠶᠢ ᠪᠡᠶᠡᠯᠡᠭᠦᠯᠪᠡ᠃ | ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠭᠦᠮᠴᠢᠯᠡᠭᠰᠡᠨ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠤᠭ᠎ᠠ ᠪᠠᠷᠢᠮᠲᠠ ᠶᠢ ᠢᠯᠡᠭᠦᠬᠡᠨ ᠬᠦᠶᠤᠯᠭᠡᠬᠦ᠂ ᠲᠠᠷᠢᠶᠠᠴᠢᠨ ᠮᠠᠯᠴᠢᠨ | ᠲᠦᠮᠡᠨ ᠭᠡᠷ ᠠᠴᠠ ᠪᠠᠨ ᠭᠠᠷᠬᠤ ᠦᠭᠡᠢ ᠪᠠᠷ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︽ᠪᠦᠷᠢᠨ | ᠴᠢᠳᠠᠮᠵᠢᠳᠤ ᠺᠠᠷᠲ︾ ᠤᠨ ᠳᠠᠩᠰᠠᠨ ᠡᠷᠦᠬᠡ ᠪᠠᠶᠢᠭᠤᠯᠬᠤ᠂ ᠬᠤᠪᠢᠷᠠᠭᠤᠯᠬᠤ ᠪᠠ ᠬᠦᠴᠦᠨ ᠦᠭᠡᠢ ᠪᠣᠯᠭᠠᠬᠤ ᠪᠠᠷ | ᠭᠤᠶᠤᠴᠢᠯᠠᠵᠤ ᠪᠣᠯᠬᠤ ᠶᠢ ᠪᠡᠶᠡᠯᠡᠭᠦᠯᠵᠦ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ | ᠰᠢᠯᠵᠢᠮᠡᠯ ᠬᠤᠯᠪᠤᠭ᠎ᠠ ᠦᠵᠦᠭᠦᠷ ᠤᠨ ᠭᠦᠢᠴᠡᠳᠬᠡᠬᠦ ᠡᠭᠦᠳᠡ ᠨᠡᠭᠡᠭᠡᠵᠦ᠂ ᠤᠴᠢᠷ ᠶᠠᠪᠤᠳᠠᠯ ᠰᠢᠢᠳᠪᠦᠷᠢᠯᠡᠬᠦ ᠣᠯᠠᠨ | ᠲᠦᠮᠡᠨ ᠭᠠᠷ ᠤᠲᠠᠰᠤ ᠪᠠᠷ ︽ᠮᠦᠩᠭᠡ ᠰᠤᠪᠠᠭ︾ APP ᠪᠤᠶᠤ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶ᠎ᠡ ᠳᠤ ᠭᠠᠷᠴᠤ᠂ ᠭᠤᠶᠤᠴᠢᠯᠠᠬᠤ ᠮᠠᠲ᠋ᠧᠷᠢᠶᠠᠯ ᠢᠶᠠᠨ ᠰᠦᠯᠵᠢᠶᠡᠨ ᠳᠡᠭᠡᠷ᠎ᠡ ᠲᠤᠰᠢᠶᠠᠵᠤ᠂ | ᠰᠤᠮᠤ ᠪᠠᠯᠭᠠᠰᠤᠨ ᠤ ᠶᠡᠷᠦᠩᠬᠡᠶᠢᠯᠡᠭᠰᠡᠨ ᠴᠣᠩᠬᠤᠨ ᠤ ᠠᠵᠢᠯᠲᠠᠳ ᠶᠡᠷᠦᠩᠬᠡᠶᠢᠯᠡᠭᠰᠡᠨ ᠴᠣᠩᠬᠤᠨ ᠤ ᠰᠢᠰᠲ᠋ᠧᠮ ᠳᠤ | ᠤᠷᠢᠳᠴᠢᠯᠠᠨ ᠬᠢᠨᠠᠨ ᠪᠠᠶᠢᠴᠠᠭᠠᠯᠲᠠ ᠳᠠᠩᠰᠠᠯᠠᠯᠲᠠ ᠬᠢᠵᠦ᠂ ᠰᠤᠮᠤ ᠪᠠᠯᠭᠠᠰᠤᠨ ᠤ ︽ᠪᠦᠷᠢᠨ ᠴᠢᠳᠠᠮᠵᠢᠳᠤ ᠺᠠᠷᠲ︾ | ᠤᠨ ᠬᠠᠮᠢᠶᠠᠷᠤᠯᠲᠠ ᠶᠢᠨ ᠠᠵᠢᠯᠲᠠᠨ ᠡᠭᠦᠯᠡᠨ ᠲᠠᠪᠴᠠᠩ ᠳᠤ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ | ᠪᠡᠶᠡᠯᠡᠭᠦᠯᠬᠦ ᠶᠢᠨ ᠬᠠᠮᠲᠤ ᠡᠳ᠋ ᠤᠨ ᠵᠠᠰᠠᠭ ᠤᠨ ᠲᠤᠰᠬᠠᠢ ᠰᠦᠯᠵᠢᠶ᠎ᠡ ᠳᠤ ᠮᠡᠳᠡᠭᠡ ᠵᠠᠩᠭᠢ ᠶᠢ ᠨᠢ ᠣᠷᠣᠭᠤᠯᠵᠤ᠂ ︽ | ᠠᠭᠤᠯᠵᠠᠬᠤ ᠦᠭᠡᠢ︾ ᠪᠠᠷ ᠳᠠᠷᠤᠢ ᠭᠠᠷ ᠭᠦᠢᠴᠡᠳᠬᠡᠯ ᠬᠢᠵᠦ ᠪᠣᠯᠣᠨ᠎ᠠ᠃ | ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠵᠠᠷᠤᠳ ᠬᠤᠰᠢᠭᠤᠨ ᠪᠤᠯ ᠪᠥᠬᠦ ᠣᠷᠣᠨ ᠤ ᠬᠡᠪᠴᠢᠶᠡᠨ ᠳᠠᠬᠢ ᠠᠩᠬᠠᠳᠠᠭᠴᠢ ︽ᠪᠦᠷᠢᠨ | ᠴᠢᠳᠠᠮᠵᠢᠳᠤ ᠺᠠᠷᠲ︾ ᠤᠨ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠪᠥᠬᠦ ᠶᠠᠪᠤᠴᠠ ᠶᠢ ᠰᠦᠯᠵᠢᠶᠡᠨ ᠲᠡᠭᠡᠷ᠎ᠡ | ᠭᠦᠢᠴᠡᠳᠭᠡᠬᠦ ᠶᠢ ᠪᠡᠶᠡᠯᠡᠭᠦᠯᠦᠭᠰᠡᠨ ᠶᠤᠮ᠂ ᠡᠨᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ | ᠮᠥᠴᠢᠷ ᠤᠨ ᠣᠲᠣ ᠦᠶ᠎ᠡ ᠶᠢᠨ ᠢᠨᠲ᠋ᠧᠷ ᠰᠦᠯᠵᠢᠶᠡᠨ ᠤ ᠮᠡᠷᠭᠡᠵᠢᠯ ᠢᠶᠠᠷ ᠣᠯᠠᠨ ᠲᠦᠮᠡᠨ ᠳᠤ ᠤᠶᠢᠯᠡᠴᠢᠯᠡᠭᠰᠡᠨ | ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠶᠠᠰᠤ | ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢᠨ ᠪᠡᠯᠭᠡ ᠲᠡᠮᠳᠡᠭ ᠤᠨ ᠴᠢᠨᠠᠷᠲᠠᠢ ᠬᠡᠷᠡᠭ ᠶᠠᠪᠤᠳᠠᠯ ᠮᠥᠨ᠃ | ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠦᠬᠦ | ᠬᠤᠰᠢᠭᠤᠨ ᠤ ᠬᠡᠪᠴᠢᠶᠡᠨ ᠳᠤ ︽ᠪᠦᠷᠢᠨ ᠴᠢᠳᠠᠮᠵᠢᠳᠤ ᠺᠠᠷᠲ︾ ᠤᠨ ᠲᠠᠩᠰᠠᠨ ᠨᠣᠮᠧᠷ ᠤᠨ ᠬᠠᠮᠢᠶᠠᠷᠤᠯᠲᠠ ᠶᠢᠨ | ᠪᠥᠬᠦ ᠶᠠᠪᠤᠴᠠ ᠶᠢ ᠰᠦᠯᠵᠢᠶᠡᠨ ᠲᠡᠭᠡᠷ᠎ᠡ ᠭᠦᠢᠴᠡᠳᠭᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠡᠭᠦᠨ ᠤ | ᠬᠠᠮᠲᠤ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠭᠦᠢᠴᠡᠳᠬᠡᠬᠦ | ︾ ︽ᠪᠥᠬᠦ ᠴᠤᠪᠤᠷᠠᠯ ᠢ ᠰᠦᠯᠵᠢᠶ᠎ᠡ ᠪᠠᠷ ᠭᠦᠢᠴᠡᠳᠬᠡᠬᠦ︾ ᠶᠢ ᠦᠷᠭᠦᠯᠵᠢᠯᠡᠨ ᠠᠬᠢᠭᠤᠯᠵᠤ᠂ ᠲᠡᠷᠢᠭᠦᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠠᠶᠢᠭᠤᠯᠬᠤ᠂ ᠬᠠᠮᠤᠭ ᠤᠨ ᠰᠢᠯᠢᠳᠡᠭ ᠬᠤᠳᠠᠯᠳᠤᠭ᠎ᠠ | ᠡᠵᠡᠩᠨᠡᠬᠦ ᠣᠷᠴᠢᠨ ᠨᠦᠭᠦᠴᠡᠯ ᠢ ᠪᠣᠶ ᠪᠣᠯᠭᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠠᠷᠠᠳ ᠣᠯᠠᠨ ᠤ ᠵᠣᠯ | ᠵᠢᠷᠭᠠᠯᠳᠤ ᠰᠡᠳᠭᠢᠯᠭᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠳᠤ ᠵᠠᠰᠠᠭ ᠤᠨ | ᠶᠠᠪᠤᠳᠠᠯ ᠤᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠪᠡ᠃ | |