| 2 ᠰᠠᠷ᠎ᠠ ᠶᠢᠨ 20 ᠤ ᠡᠳᠦᠷ᠂ ᠵᠠᠷᠤᠳ ᠬᠤᠰᠢᠭᠤ 2023 ᠣᠨ ᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠦᠨ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯ ᠢ ᠠᠬᠢᠭᠤᠯᠬᠤ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠼᠤᠤ ᠢᠦᠢ ᠯᠦᠩ | ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | ᠬᠤᠷᠠᠯ ᠠᠴᠠ ︽ᠵᠠᠷᠤᠳ ᠬᠤᠰᠢᠭᠤᠨ ᠤ 2023 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ ᠣᠨ ︵ᠰᠠᠨᠠᠯ ᠬᠤᠷᠢᠶᠠᠬᠤ ᠨᠣᠣᠷᠠᠭ︶︾ ᠪᠣᠯᠣᠨ ︽ᠵᠠᠷᠤᠳ | ᠬᠤᠰᠢᠭᠤᠨ ᠤ 2023 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠰᠢᠯᠢᠳᠡᠭ | ᠪᠣᠯᠬᠤ ᠪᠠᠷ ᠴᠢᠷᠮᠠᠶᠢᠬᠤ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾ ᠶᠢ ᠲᠠᠨᠢᠯᠴᠠᠭᠤᠯᠤᠨ | ᠲᠠᠶᠢᠯᠪᠤᠷᠢᠯᠠᠪᠠ︔ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠪᠦᠷᠢ | ᠲᠥᠰᠥᠯ ᠪᠣᠯᠣᠨ ᠨᠠᠷᠢᠨ ᠲᠠᠩᠰᠠ ᠶᠢᠨ ᠠᠭᠤᠯᠭ᠎ᠠ ᠲᠠᠢ ᠬᠠᠷᠢᠴᠠᠭᠤᠯᠤᠨ ᠰᠠᠨᠠᠯ ᠰᠠᠨᠠᠭᠤᠯᠭ᠎ᠠ ᠳᠤᠷᠠᠳᠪᠠ᠃ | ᠼᠤᠤ ᠢᠦᠢ ᠯᠦᠩ ᠵᠢᠭᠠᠪᠣᠷᠢᠯᠠᠭᠰᠠᠨ ᠨᠢ᠂ ᠬᠤᠰᠢᠭᠤᠨ ᠤ ᠬᠤᠳᠠᠯᠳᠤᠭ᠎ᠠ ᠡᠵᠡᠩᠨᠡᠬᠦ ᠲᠤᠰᠬᠠᠢ ᠠᠩᠭᠢ | ᠨᠢᠭᠡᠨᠲᠡ ᠲᠦᠩᠯᠢᠶᠣᠣ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠠᠵᠢᠯᠯᠠᠭᠠᠨ ᠤ ᠲᠥᠰᠥᠯ︾ ᠪᠠ ︽ | ᠡᠭᠦᠷᠭᠡ ᠶᠢᠨ ᠨᠠᠷᠢᠨ ᠲᠠᠩᠰᠠ︾ ᠲᠠᠢ ᠬᠠᠷᠢᠴᠠᠭᠤᠯᠤᠨ᠂ ᠵᠠᠷᠤᠳ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ ᠣᠨ ᠤ ︽ᠠᠵᠢᠯᠯᠠᠭᠠᠨ ᠤ ᠲᠥᠰᠥᠯ︾ ᠪᠠ ︽ | ᠡᠭᠦᠷᠭᠡ ᠶᠢᠨ ᠨᠠᠷᠢᠨ ᠲᠠᠩᠰᠠ︾ ᠶᠢᠨ ᠰᠠᠨᠠᠯ ᠬᠤᠷᠢᠶᠠᠬᠤ ᠨᠣᠣᠷᠠᠭ ᠢ ᠲᠣᠭᠲᠠᠭᠠᠪᠠ᠂ ᠡᠯ᠎ᠡ ᠲᠦᠷᠦᠭᠦᠯᠡᠨ ᠬᠢᠬᠦ | ᠰᠠᠯᠠᠭ᠎ᠠ ᠮᠥᠴᠢᠷ ᠬᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠳᠤᠲᠠᠭᠤ ᠲᠤᠷᠭᠤᠨ ᠪᠠᠶᠢᠯᠭᠠᠬᠤ ᠦᠭᠡᠢ᠂ | ᠨᠥᠬᠦᠴᠡᠯ ᠳᠣᠷᠠᠳᠬᠤ ᠦᠭᠡᠢ᠂ ᠳᠠᠭᠠᠭᠠᠴᠢᠯᠠᠪᠠᠰᠤ ᠵᠣᠬᠢᠬᠤ ᠪᠦᠬᠦᠨ ᠢ ᠳᠠᠭᠠᠭᠠᠴᠢᠯᠠᠬᠤ ᠬᠡᠷᠡᠭᠲᠡᠢ︔ ᠲᠦᠷᠦᠭᠦᠯᠡᠨ | ᠬᠢᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠪᠣᠳᠠᠲᠠᠢ ᠬᠠᠷᠢᠭᠤᠴᠠᠯᠭᠠᠲᠤ ᠰᠠᠯᠠᠭ᠎ᠠ ᠮᠥᠴᠢᠷ ᠢ ᠴᠠᠭ | ᠲᠤᠬᠠᠢ ᠳᠤᠨᠢ ᠲᠣᠳᠣᠷᠬᠠᠶᠢᠯᠠᠵᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ | ᠵᠣᠬᠢᠴᠠᠭᠤᠯᠵᠤ᠂ ᠠᠵᠢᠯ ᠤᠨ ᠡᠭᠦᠷᠭᠡ ᠪᠠᠨ ᠪᠡᠶᠡᠯᠡᠭᠦᠯᠬᠦ᠂ ᠭᠡᠷᠡᠴᠢ ᠮᠠᠲ᠋ᠧᠷᠢᠶᠠᠯ ᠴᠤᠭᠯᠠᠭᠤᠯᠤᠨ ᠬᠤᠷᠢᠶᠠᠩᠭᠤᠶᠢᠯᠠᠬᠤ | ᠪᠠ ᠱᠠᠭᠠᠷᠳᠠᠨ ᠪᠠᠶᠢᠴᠠᠭᠠᠵᠤ ᠰᠢᠯᠭᠠᠨ ᠦᠨᠡᠯᠡᠬᠦ ᠠᠵᠢᠯ ᠢ ᠬᠦᠯᠢᠶᠡᠬᠦ ᠬᠡᠷᠡᠭᠲᠡᠢ ᠭᠡᠪᠡ᠃ | ᠼᠤᠤ ᠢᠦᠢ ᠯᠦᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠴᠢᠬᠤᠯᠠᠴᠢᠯᠠᠵᠤ ᠪᠠᠶᠢᠭ᠎ᠠ ᠬᠡᠮᠵᠢᠶ᠎ᠡ ᠪᠠ ᠥᠨᠳᠥᠷ | ᠳᠠᠷᠤᠯᠲᠠᠲᠤ ᠠᠵᠢᠯ ᠤᠨ ᠪᠠᠶᠢᠳᠠᠯ ᠢ ᠲᠣᠳᠣᠷᠬᠠᠢ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠬᠤᠰᠢᠭᠤᠨ ᠤ ᠨᠠᠮ ᠤᠨ | ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ︽ᠨᠠᠳᠠ ᠪᠠᠷ ᠬᠢᠯᠭᠡᠵᠦ︾ | ᠪᠠᠶᠢᠭᠰᠠᠨ ᠠᠴᠠ ︽ᠪᠢ ᠬᠢᠬᠦ︾ ᠪᠣᠯᠭᠠᠨ ᠬᠤᠪᠢᠷᠠᠭᠤᠯᠵᠤ᠂ ᠠᠵᠢᠯ ᠤᠨ ᠬᠠᠷᠠᠯᠲᠠ ᠲᠣᠳᠣᠷᠬᠠᠢ᠂ ᠠᠵᠢᠯ ᠤᠨ | ᠰᠡᠳᠬᠢᠴᠡ ᠲᠣᠳᠣᠷᠬᠠᠢ᠂ ᠠᠵᠢᠯ ᠤᠨ ᠡᠭᠦᠷᠭᠡ ᠲᠣᠳᠣᠷᠬᠠᠢ᠂ ᠠᠵᠢᠯ ᠤᠨ ᠠᠷᠭ᠎ᠠ ᠬᠡᠮᠵᠢᠶ᠎ᠡ ᠪᠣᠳᠠᠲᠠᠢ᠂ ᠠᠵᠢᠯ ᠤᠨ | ᠬᠠᠷᠢᠭᠤᠴᠠᠯᠭ᠎ᠠ ᠲᠣᠳᠣᠷᠬᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠪᠡ᠃ | | | |