2 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ | ᠰᠢᠯᠤᠭᠤᠨ ᠬᠥᠬᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠪᠦᠷᠢᠨᠪᠠᠲᠤ ᠰᠢᠨᠵᠢᠯᠡᠨ ᠪᠠᠶᠢᠴᠠᠭᠠᠬᠤ ᠪᠦᠯᠬᠦᠮ ᠳᠠᠭᠠᠭᠤᠯᠤᠨ ᠵᠠᠷᠤᠳ | ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠪᠦᠦ ᠯᠦᠩ ᠵᠢᠴᠢ | ᠰᠣᠩᠭᠤᠭᠤᠯᠢ ᠶᠢᠨ ᠺᠣᠮᠢᠰ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ ᠰᠢᠨᠵᠢᠯᠡᠨ | ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠯᠦᠪᠧᠢ ᠪᠠᠯᠭᠠᠰᠤ ᠶᠢᠨ ᠵᠦᠩ ᠰᠢᠨ ᠲᠣᠰᠬᠤᠨ᠂ ᠥᠪᠥᠷ | ᠮᠣᠩᠭᠤᠯ ᠤᠨ ᠮᠠᠯᠴᠢᠨ ᠠᠶᠢᠯ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ | ᠪᠠᠶᠠᠨᠲᠠᠯ᠎ᠠ ᠰᠤᠮᠤ ᠶᠢᠨ ᠵᠡᠭᠦᠨ ᠰᠠᠯᠠᠭ᠎ᠠ ᠭᠠᠴᠠᠭ᠎ᠠ ᠵᠡᠷᠭᠡ ᠭᠠᠵᠠᠷ ᠲᠤ ᠬᠦᠷᠪᠡ᠃ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠡᠮᠵᠢᠨ᠂ ᠵᠠᠷᠤᠳ | ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠵᠡᠩᠨᠡᠯᠲᠡ᠂ ᠬᠤᠷᠰᠢᠶ᠎ᠠ ᠶᠢᠨ ᠦᠬᠡᠷ ᠤᠨ ᠠᠵᠤ | ᠦᠢᠯᠡᠰ ᠢ ᠬᠥᠭᠵᠢᠭᠦᠯᠦᠭᠰᠡᠨ ᠲᠤᠷᠰᠢᠯᠭ᠎ᠠ᠂ ᠦᠢᠯᠡᠳᠬᠦᠨ ᠤ ᠪᠣᠷᠤᠯᠠᠭᠤᠯᠭ᠎ᠠ ᠶᠢᠨ ᠬᠡᠲᠦ ᠳᠡᠯᠭᠡᠭᠦᠷ ᠤᠨ ᠡᠵᠡᠩᠨᠡᠯᠲᠡ | ᠬᠠᠮᠢᠶᠠᠷᠤᠯᠲᠠ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ | ᠳᠠᠭᠠᠭᠤᠯᠬᠤ᠂ ᠠᠷᠠᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ᠶᠢᠨ ᠦᠢᠯᠡᠳᠦᠯ ᠢ | ᠪᠠᠳᠠᠷᠠᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | | |