ᠪᠠᠶᠠᠨᠲᠠᠯ᠎ᠠ ᠰᠤᠮᠤ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠲᠠᠭᠠᠭᠠᠨ ᠪᠠᠳᠤᠯᠠᠭᠰᠠᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/2/22
       ᠬᠠᠷᠢᠶᠠᠲᠤ ᠣᠷᠣᠨ ᠳᠠᠬᠢ ᠡᠯ᠎ᠡ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠭᠰᠢ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠨ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠤᠨ ᠲᠣᠭᠲᠠᠴᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 20 ᠤ ᠡᠳᠦᠷ᠂ ᠪᠠᠶᠠᠨᠲᠠᠯ᠎ᠠ ᠰᠤᠮᠤ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠳᠠᠭᠠᠭᠠᠨ ᠪᠠᠳᠤᠯᠠᠭᠰᠠᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠪᠡ᠃ ᠪᠠᠶᠢᠴᠠᠭᠠᠯᠲᠠ ᠶᠢᠨ ᠳᠤᠮᠳᠠ᠂ ᠠᠵᠢᠯᠲᠠᠳ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠢᠳᠡᠭᠡᠨ ᠤ ᠠᠮᠤᠷ ᠲᠦᠪᠰᠢᠨ ᠤ ᠠᠵᠢᠯᠲᠠᠨ ᠢᠶᠠᠨ ᠲᠣᠬᠢᠷᠠᠭᠤᠯᠬᠤ᠂ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠬᠤ ᠵᠡᠷᠭᠡ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠪᠡ᠃     
微信图片_20230222110918.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号