| ᠵᠠᠷᠤᠳ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠠᠴᠠ ᠰᠣᠳᠣᠯᠤᠨ ᠶᠠᠷᠢᠯᠴᠠᠬᠤ ᠪᠠᠷ ᠳᠠᠮᠵᠢᠨ᠂ ᠡᠳᠦᠭᠡ ᠵᠠᠷᠤᠳ ᠬᠤᠰᠢᠭᠤᠨ ᠤ | 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠪᠢᠷ ᠤᠨ ᠰᠢᠯᠭᠠᠯᠲᠠ ᠶᠢᠨ | ᠬᠤᠯᠪᠣᠭᠳᠠᠯ ᠪᠦᠬᠦᠢ ᠤᠴᠢᠷ ᠶᠠᠪᠣᠳᠠᠯ ᠢ ᠨᠡᠶᠢᠲᠡᠯᠡᠶ᠎ᠡ᠄ | ᠨᠢᠭᠡ᠂ ᠪᠢᠷ ᠤᠨ ᠰᠢᠯᠭᠠᠯᠲᠠ ᠶᠢᠨ ᠴᠠᠭ᠄ 2023 ᠣᠨ ᠤ 3 ᠰᠠᠷ᠎ᠠ ᠶᠢᠨ 4 ᠤ ᠡᠳᠦᠷ᠃ | ᠰᠢᠯᠭᠠᠭᠰᠠᠳ 2 ᠰᠠᠷ᠎ᠠ ᠶᠢᠨ 28 ᠤ ᠡᠳᠦᠷ ᠤᠨ 8᠄ 30 ︱ 3 ᠰᠠᠷ᠎ᠠ ᠶᠢᠨ 3 ᠤ ᠡᠳᠦᠷ ᠤᠨ 17᠄ 30 | ᠮᠢᠨᠦ᠋ᠲ ᠠᠴᠠ ᠡᠮᠦᠨ᠎ᠡ ᠨᠡᠷ᠎ᠡ ᠮᠡᠳᠡᠭᠦᠯᠬᠦ ᠰᠢᠰᠲ᠋ᠧᠮ ᠤᠨ ᠰᠦᠯᠵᠢᠶ᠎ᠡ ︵http://bm.zhitaosoft.com: | 8092/zwwsbm/webregister/index.aspx.examsort=76︶ ᠳᠤ ᠣᠷᠣᠵᠤ ᠪᠢᠷ ᠤᠨ | ᠰᠢᠯᠭᠠᠯᠲᠠ ᠶᠢᠨ ᠰᠢᠯᠭᠠᠭᠤᠯᠬᠤ ᠦᠨᠡᠮᠯᠡᠯ ᠢᠶᠠᠨ ᠦᠪᠡᠰᠦᠪᠡᠨ ᠳᠠᠷᠤᠮᠠᠯᠯᠠᠨ᠎ᠠ᠃ | ᠬᠤᠶᠠᠷ᠂ ᠪᠢᠷ ᠤᠨ ᠰᠢᠯᠭᠠᠯᠲᠠ ᠶᠢᠨ ᠭᠠᠵᠠᠷ᠄ ᠲᠦᠩᠯᠢᠶᠣᠣ ᠬᠤᠲᠠ ᠶᠢᠨ ᠬᠤᠷᠴᠢᠨ ᠲᠣᠭᠤᠷᠢᠭ᠂ | ᠨᠡᠭᠡᠭᠡᠯᠲᠡ ᠶᠢᠨ ᠲᠣᠭᠤᠷᠢᠭ ︵ᠪᠢᠷ ᠤᠨ ᠰᠢᠯᠭᠠᠯᠲᠠ ᠶᠢᠨ ᠪᠣᠳᠠᠲᠠᠢ ᠴᠠᠭ᠂ ᠭᠠᠵᠠᠷ ᠢ ᠰᠢᠯᠭᠠᠭᠤᠯᠬᠤ | ᠦᠨᠡᠮᠯᠡᠯ ᠳᠤ ᠨᠠᠷᠢᠨ ᠦᠵᠡᠭᠡᠷᠡᠢ︶᠃ | ᠭᠤᠷᠪᠠ᠂ ᠠᠩᠬᠠᠷᠬᠤ ᠵᠦᠢᠯ | 1. ᠰᠢᠯᠭᠠᠭᠰᠠᠳ ᠡᠷᠬᠡᠪᠰᠢ ᠥᠪᠡᠷ ᠤᠨ ᠬᠦᠴᠦᠨ ᠲᠠᠢ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ | ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ᠂ ᠫᠠᠰᠫᠣᠷᠲ︶︾᠂ ︽ᠪᠢᠷ ᠤᠨ ᠰᠢᠯᠭᠠᠯᠲᠠ ᠶᠢᠨ ᠰᠢᠯᠭᠠᠭᠤᠯᠬᠤ | ᠦᠨᠡᠮᠯᠡᠯ︾ ᠢᠶᠠᠷ ᠢᠶᠠᠨ ᠰᠢᠯᠭᠠᠯᠲᠠ ᠳᠤ ᠣᠷᠤᠯᠴᠠᠬᠤ ᠬᠡᠷᠡᠭᠲᠡᠢ᠃ ᠰᠢᠯᠭᠠᠭᠰᠠᠳ ᠥᠪᠡᠷ ᠢᠶᠠᠨ ᠬᠠᠷ᠎ᠠ ᠥᠩᠭᠡᠲᠡᠢ | ᠨᠡᠭᠦᠷᠡᠰᠦᠲᠥ᠋ᠷᠥᠭᠴᠢᠲᠦ ᠪᠢᠷ᠂ 2B ᠬᠠᠷᠠᠨᠳᠠ ᠪᠠ ᠪᠠᠯᠠᠯᠣᠭᠤᠷ ᠠᠪᠴᠤ ᠣᠷᠣᠬᠤ ᠬᠡᠷᠡᠭᠲᠡᠢ᠃ | 2. ᠰᠢᠯᠭᠠᠭᠰᠠᠳ ᠰᠢᠯᠭᠠᠯᠲᠠ ᠶᠢᠨ ᠭᠠᠵᠠᠷ ᠪᠠ ᠡᠷᠬᠢᠨ ᠲᠣᠭᠤᠷᠢᠨ ᠤ ᠪᠠᠶᠢᠳᠠᠯ ᠢ ᠤᠷᠢᠳᠴᠢᠯᠠᠨ ᠣᠶᠢᠯᠠᠭᠠᠵᠤ᠂ | ᠴᠠᠭ ᠠᠭᠤᠷ ᠤᠨ ᠬᠤᠪᠢᠷᠠᠯᠲᠠ ᠶᠢ ᠠᠩᠬᠠᠷᠴᠤ᠂ ᠶᠠᠪᠣᠵᠤ ᠰᠠᠭᠤᠬᠤ ᠪᠡᠯᠡᠳᠬᠡᠯ ᠢᠶᠠᠨ ᠤᠷᠢᠳᠴᠢᠯᠠᠨ ᠰᠠᠶᠢᠨ ᠬᠢᠬᠦ | ᠬᠡᠷᠡᠭᠲᠡᠢ᠃ ᠰᠢᠯᠭᠠᠭᠰᠠᠳ ᠵᠠᠮ ᠬᠠᠷᠢᠯᠴᠠᠭᠠᠨ ᠤ ᠪᠠᠭᠠᠵᠢ ᠪᠠ ᠶᠠᠪᠤᠵᠤ ᠰᠠᠭᠤᠬᠤ ᠵᠠᠮ ᠢᠶᠠᠨ ᠵᠣᠬᠢᠰᠲᠠᠢ ᠰᠣᠩᠭᠤᠵᠤ᠂ | ᠰᠢᠯᠭᠠᠯᠲᠠ ᠶᠢᠨ ᠴᠡᠭ ᠲᠤ ᠤᠷᠢᠳᠴᠢᠯᠠᠨ ᠬᠦᠷᠬᠦ ᠬᠡᠷᠡᠭᠲᠡᠢ᠂ ᠰᠢᠯᠭᠠᠯᠲᠠ ᠡᠬᠢᠯᠡᠭᠡᠳ 15 ᠮᠢᠨᠦ᠋ᠲ ᠪᠣᠯᠪᠠᠯ | ᠰᠢᠯᠭᠠᠭᠰᠠᠳ ᠢ ᠰᠢᠯᠭᠠᠯᠲᠠ ᠶᠢᠨ ᠲᠠᠯᠠᠪᠠᠢ ᠳᠤ ᠣᠷᠣᠭᠤᠯᠬᠤ ᠦᠭᠡᠢ᠃ | 3. ᠰᠢᠯᠭᠠᠭᠰᠠᠳ ᠠᠯᠪᠠᠨ ᠵᠠᠷ ᠲᠤ ᠱᠠᠭᠠᠷᠳᠠᠭᠰᠠᠨ ᠴᠠᠭ᠂ ᠭᠠᠵᠠᠷ ᠲᠤ ᠪᠢᠷ ᠤᠨ ᠰᠢᠯᠭᠠᠯᠲᠠ ᠳᠤ | ᠣᠷᠣᠯᠴᠠᠭᠰᠠᠨ ᠦᠭᠡᠢ ᠪᠠᠶᠢᠪᠠᠯ᠂ ᠪᠢᠷ ᠤᠨ ᠰᠢᠯᠭᠠᠯᠲᠠ ᠶᠢᠨ ᠬᠢᠷᠢ ᠬᠡᠮ ᠢᠶᠠᠨ ᠬᠠᠶᠠᠭᠰᠠᠨ ᠢᠶᠠᠷ ᠪᠤᠳᠤᠨ᠎ᠠ᠃ | ᠯᠠᠪᠯᠠᠬᠤ ᠤᠲᠠᠰᠤ᠄ 0475 ︱ 7226445 | | | | ᠵᠠᠷᠤᠳ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ | ᠠᠵᠢᠯᠲᠠᠨ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ | 2023 ᠣᠨ ᠤ 2 ᠰᠠᠷ᠎ᠠ ᠶᠢᠨ 21 ᠤ ᠡᠳᠦᠷ | | | |