ᠦ᠋ ᠴᠢᠩ ᠬᠠᠢ ᠪᠦᠯᠬᠦᠮ ᠳᠠᠭᠠᠭᠤᠯᠤᠨ ᠬᠤᠤᠯᠢᠨ ᠭᠤᠤᠯ ᠬᠤᠲᠠ ᠶᠢᠨ ᠰᠢᠨᠳᠠ ᠬᠥᠩᠭᠡᠨ ᠴᠠᠭᠠᠨ ᠤ ᠦᠢᠯᠡᠰ ᠤᠨ ᠺᠤᠮᠫᠠᠨᠢ ᠲᠤ ᠬᠦᠷᠴᠦ ᠬᠥᠩᠭᠡᠨ ᠴᠠᠭᠠᠨ ᠢ ᠨᠠᠷᠢᠯᠢᠭ ᠡᠳ᠋ᠰᠢᠭᠦᠯᠬᠦ ᠵᠦᠢᠯᠡᠰ ᠢ ᠪᠠᠶᠢᠴᠠᠭᠠᠨ ᠶᠠᠷᠢᠯᠴᠠᠪᠠ
ᠨᠡᠶᠢᠲᠡᠯᠡᠭᠰᠡᠨ ᠴᠠᠭ᠄
2023/2/22
     2 ᠰᠠᠷ᠎ᠠ ᠶᠢᠨ 21 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ ᠴᠢᠩ ᠬᠠᠢ ᠪᠦᠯᠬᠦᠮ ᠳᠠᠭᠠᠭᠤᠯᠤᠨ ᠬᠤᠣᠯᠢᠨ ᠭᠤᠣᠯ ᠬᠤᠲᠠ ᠶᠢᠨ ᠰᠢᠨᠳᠠ ᠬᠥᠩᠭᠡᠨ ᠴᠠᠭᠠᠨ ᠤ ᠦᠢᠯᠡᠰ ᠤᠨ ᠺᠤᠮᠫᠠᠨᠢ ᠲᠤ ᠬᠦᠷᠴᠦ ᠬᠥᠩᠭᠡᠨ ᠴᠠᠭᠠᠨ ᠤ ᠦᠢᠯᠡᠰ ᠢ ᠰᠢᠨᠵᠢᠯᠡᠨ ᠪᠠᠶᠢᠴᠠᠭᠠᠵᠤ᠂ ᠬᠥᠩᠭᠡᠨ ᠴᠠᠭᠠᠨ ᠢ ᠨᠠᠷᠢᠯᠢᠭ ᠡᠳ᠋ᠰᠢᠬᠦᠯᠬᠦ ᠲᠦᠷᠦᠯ ᠵᠦᠢᠯ ᠢ ᠶᠠᠷᠢᠯᠴᠠᠵᠤ᠂ ᠰᠠᠭᠤᠳᠠᠯ ᠤᠨ ᠬᠤᠷᠠᠯ ᠬᠢᠪᠡ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠵᠠᠬᠠᠨᠠᠭᠤᠷ ᠤᠨ ᠠᠵᠤ ᠦᠢᠯᠡᠰ ᠤᠨ ᠲᠤᠭᠤᠷᠢᠭ ᠤᠨ ᠬᠥᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠵᠢᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠤᠯᠠᠮ ᠨᠢᠭᠡ ᠠᠯᠬᠤᠮ ᠵᠥᠪᠳᠡᠨ ᠶᠠᠷᠢᠯᠴᠠᠭᠰᠠᠨ ᠰᠠᠭᠤᠷᠢᠨ ᠳᠡᠭᠡᠷ᠎ᠡ ᠬᠥᠩᠭᠡᠨ ᠴᠠᠭᠠᠨ ᠤ ᠨᠢᠮᠭᠡᠨ ᠬᠠᠪᠲᠠᠰᠤᠲᠤ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠵᠠᠷᠤᠳ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠲᠠᠳᠠᠬᠤ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠳᠤ ᠬᠦᠴᠦᠨ ᠨᠡᠮᠡᠷᠢᠯᠡᠨ᠎ᠡ ᠭᠡᠪᠡ᠃      
微信图片_20230222110838.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号